ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠤᠨ ᠣᠶᠤᠲᠠᠳ ᠬᠡᠷᠬᠢᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ | ᠪᠤᠴᠠᠬᠤ ᠪᠣᠶ︖ ᠨᠤᠲᠤᠭ ᠲᠤ ᠪᠠᠨ ᠪᠤᠴᠠᠭᠰᠠᠨ ᠣᠶᠤᠲᠠᠳ ᠢ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ | ᠵᠠᠷᠤᠳᠠᠯ ᠢ ᠨᠢ ᠬᠡᠷᠬᠢᠨ ᠭᠠᠷᠭᠠᠬᠤ ᠪᠣᠶ︖ ᠡᠷᠬᠡ ᠰᠦᠷᠲᠦ ᠬᠠᠷᠢᠭᠤᠯᠲᠠ︕ | | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 5 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠣᠶᠤᠲᠠᠳ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕ | ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ ᠨᠢᠭᠡᠨᠲᠡ 6 ᠡᠳᠦᠷ ᠳᠠᠷᠠᠭᠠᠯᠠᠨ 100 | ᠵᠢᠱᠢᠶ᠎ᠡ ᠠᠴᠠ ᠳᠣᠷᠣᠭᠰᠢ ᠪᠣᠯᠪᠠ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠢᠶᠠᠷ ᠪᠠᠭᠤᠷᠠᠬᠤ | ᠬᠠᠨᠳᠤᠰᠢ ᠲᠠᠢ ᠪᠠᠶᠢᠨ᠎ᠠ᠃ 5 ᠳ᠋ᠤᠭᠠᠷ ᠰᠠᠷ᠎ᠠ ᠶᠢᠨ 30 ᠤ ᠡᠳᠦᠷ ᠠᠴᠠ ᠨᠠᠭᠠᠰᠢ᠂ ᠪᠥᠬᠦ ᠤᠯᠤᠰ ᠤᠨ ᠲᠤᠬᠠᠢ ᠶᠢᠨ | ᠭᠠᠵᠠᠷ ᠤᠨ ᠬᠠᠯᠳᠠᠪᠤᠷᠢᠯᠠᠭᠳᠠᠭᠴᠢ 6 ᠡᠳᠦᠷ ᠳᠠᠷᠠᠭᠠᠯᠠᠨ 100 ᠵᠢᠱᠢᠶ᠎ᠡ ᠠᠴᠠ ᠳᠣᠷᠣᠭᠰᠢ ᠪᠣᠯᠵᠠᠢ᠂ ᠭᠡᠪᠡᠴᠦ ᠣᠶᠢᠷ᠎ᠠ ᠶᠢᠨ | 7 ᠡᠳᠦᠷ ᠲᠤ 16 ᠮᠤᠵᠢ ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠮᠡᠳᠡᠭᠦᠯᠵᠦ᠂ ᠥᠪᠥᠷ ᠮᠣᠩᠭᠤᠯ | ᠵᠡᠷᠭᠡ ᠬᠡᠰᠡᠭ ᠭᠠᠵᠠᠷ ᠣᠷᠣᠨ ᠳᠤ ᠪᠠᠰᠠ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠪᠡ᠃ ᠣᠳᠣᠬᠠᠨ ᠳᠤ᠂ ᠪᠦᠬᠦ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠪᠠᠶᠢᠵᠤ᠂ ᠡᠮᠦᠨᠡᠬᠢ ᠬᠤᠭᠤᠴᠠᠭᠠᠨ ᠳᠤ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠳᠡᠯᠭᠡᠷᠡᠬᠦ ᠶᠢ ᠠᠯᠢ ᠲᠦᠷᠭᠡᠨ ᠢᠶᠠᠷ ᠬᠤᠷᠢᠭᠯᠠᠵᠤ᠂ | ᠱᠠᠩᠬᠠᠢ ᠬᠤᠳᠠ ᠬᠢᠵᠢᠭ ᠤᠨ ᠪᠠᠶᠢᠳᠠᠯ ᠲᠠᠬᠢᠨ ᠡᠭᠦᠰᠴᠦ ᠲᠠᠬᠢᠨ ᠳᠡᠯᠭᠡᠷᠡᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠪᠡᠭᠡᠵᠢᠩ | ᠬᠤᠳᠠ ᠳᠡᠯᠭᠡᠷᠡᠬᠦ ᠬᠡᠯᠬᠢᠶ᠎ᠡ ᠤᠷᠲᠤᠳᠬᠤ ᠶᠢ ᠤᠯᠠᠮ ᠴᠢᠨᠠᠭᠰᠢᠳᠠ ᠬᠤᠷᠢᠭᠯᠠᠵᠤ᠂ ᠬᠢᠷᠢᠨ ᠪᠠ ᠯᠢᠶᠣᠤᠨᠢᠩ ᠮᠤᠵᠢ ᠬᠢᠯᠢ | ᠳᠠᠭᠠᠤ ᠬᠢᠵᠢᠭ ᠳᠡᠯᠭᠡᠷᠡᠬᠦ ᠶᠢ ᠦᠨᠡᠨ ᠬᠦ ᠬᠤᠷᠢᠭᠯᠠᠬᠤ ᠬᠡᠷᠡᠭᠲᠡᠢ︔ ᠪᠤᠰᠤᠳ ᠭᠠᠵᠠᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ | ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ | ᠦᠵᠡᠭᠳᠡᠯ ᠢ ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠶᠢᠰᠦ ᠶᠢ ᠦᠯᠦ ᠵᠥᠪᠰᠢᠶᠡᠷᠡᠬᠦ ᠶᠢ | ᠡᠷᠡᠰ ᠪᠡᠶᠡᠯᠡᠭᠦᠯᠦᠨ᠎ᠡ | ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠵᠤ ᠡᠭᠦᠰᠬᠦ ᠶᠢ ᠰᠡᠷᠭᠡᠶᠢᠯᠡᠬᠦ︾ ᠶᠡᠷᠦᠩᠬᠡᠢ | ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠦᠭᠡᠶᠢᠰᠬᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠭᠰᠠᠨ | ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ | ᠦᠵᠡᠭᠳᠡᠯ ᠢ ᠡᠷᠡᠰ ᠰᠡᠷᠭᠡᠶᠢᠯᠡᠵᠦ᠂ ︽ᠶᠢᠰᠦ ᠶᠢ ᠦᠯᠦ ᠵᠥᠪᠰᠢᠶᠡᠷᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠄ | 1. ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠠᠴᠠ | ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | 2. ᠳᠣᠣᠷ᠎ᠠ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠬᠤ᠂ | ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | 3. ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ | ᠡᠵᠡᠮᠳᠡᠬᠦ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃ | 4. ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ | ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | 5. ᠲᠦᠭᠰᠢᠭᠦᠷᠢᠲᠦ ᠬᠥᠮᠥᠰ ᠤᠨ ᠲᠤᠰᠠᠭᠠᠷᠯᠠᠬᠤ ᠪᠠ ᠡᠷᠡᠭᠦᠯ ᠮᠡᠨᠳᠦ ᠶᠢ ᠨᠢ ᠬᠢᠨᠠᠨ ᠪᠠᠶᠢᠴᠠᠭᠠᠬᠤ ᠴᠠᠭ ᠢ | ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃ | 6. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭᠯᠠᠵᠤ ᠪᠠᠴᠢᠮ᠂ ᠠᠶᠤᠯᠲᠠᠢ᠂ ᠬᠦᠨᠳᠦ ᠡᠪᠡᠳᠴᠢᠲᠡᠨ ᠪᠠ | ᠵᠢᠮ᠎ᠡ ᠶᠣᠰᠣ ᠲᠠᠢ ᠪᠠᠷ ᠣᠨᠣᠰᠢᠯᠠᠨ ᠡᠮᠴᠢᠯᠡᠭᠦᠯᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ | ᠬᠠᠩᠭᠠᠬᠤ ᠶᠢ ᠳᠤᠷ᠎ᠠ ᠪᠠᠷ ᠢᠶᠠᠨ ᠲᠡᠪᠴᠢᠵᠦ ᠪᠣᠯᠬᠤ ᠦᠭᠡᠢ᠃ | 7. ᠨᠥᠬᠦᠴᠡᠯ ᠳᠤ ᠨᠡᠶᠢᠴᠡᠵᠦ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠣᠶᠤᠲᠠᠨ ᠳᠤ | ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | 8. ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ᠂ | ᠨᠥᠬᠦᠴᠡᠯ ᠳᠤ ᠨᠡᠶᠢᠴᠡᠭᠰᠡᠨ ᠠᠶᠠᠨᠴᠢᠨ ᠪᠠ ᠪᠠᠷᠠᠭᠠᠨ ᠤ ᠲᠡᠷᠭᠡ ᠶᠢᠨ ᠵᠢᠯᠣᠭᠤᠴᠢ ᠦᠢᠯᠡᠴᠢᠯᠡᠭᠴᠢ ᠶᠢᠨ ᠨᠡᠪᠲᠡᠷᠡᠬᠦ ᠶᠢ | ᠬᠢᠵᠠᠭᠠᠷᠯᠠᠵᠤ ᠪᠣᠯᠬᠤ ᠦᠭᠡᠢ᠃ | 9. ᠳᠣᠣᠷ᠎ᠠ ᠲᠦᠭᠰᠢᠭᠦᠷᠢᠲᠦ ᠭᠠᠵᠠᠷ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯᠠᠪᠤᠷ ᠢ | ᠳᠤᠷ᠎ᠠ ᠪᠠᠷ ᠢᠶᠠᠨ ᠬᠠᠭᠠᠵᠤ ᠪᠣᠯᠬᠤ ᠦᠭᠡᠢ᠃ | ᠰᠤᠷᠭᠠᠭᠤᠯᠢ ᠶᠢᠨ ᠪᠠᠶᠢᠭ᠎ᠠ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ ᠴᠤ ᠰᠤᠷᠭᠠᠭᠤᠯᠢ ᠨᠢ ᠳᠣᠣᠷ᠎ᠠ | ᠲᠦᠭᠰᠢᠭᠦᠷᠢᠲᠦ ᠭᠠᠵᠠᠷ ᠣᠷᠣᠨ ᠳᠤ ᠪᠠᠶᠢᠪᠠᠯ ᠣᠶᠤᠲᠠᠨ ᠢᠩᠭᠢᠵᠦ ᠨᠤᠲᠤᠭ ᠲᠤ ᠪᠠᠨ ᠬᠠᠷᠢᠵᠤ ᠪᠣᠯᠣᠨ᠎ᠠ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠣᠶᠤᠲᠠᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ | ᠢᠯᠡᠷᠡᠭᠰᠡᠨ ᠭᠠᠵᠠᠷ ᠤᠨ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠦᠭᠡᠢ ᠪᠣᠯ᠂ ᠣᠶᠤᠲᠠᠨ 7 ᠡᠳᠦᠷ ᠠᠴᠠ | ᠳᠡᠭᠡᠭᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠳᠠᠭᠤᠰᠬᠠᠭᠰᠠᠨ ᠤ ᠳᠠᠷᠠᠭ᠎ᠠ᠂ ᠰᠤᠷᠭᠠᠭᠤᠯᠢ ᠶᠢᠨ ᠲᠣᠭᠲᠠᠭᠠᠯ ᠪᠠ | ᠲᠣᠬᠢᠷᠠᠭᠤᠯᠤᠯᠲᠠ ᠶᠣᠰᠣᠭᠠᠷ᠂ ᠲᠣᠰ ᠰᠤᠷᠭᠠᠭᠤᠯᠢ ᠶᠢᠨ ᠢᠶᠠᠨ ᠭᠠᠷᠭᠠᠭᠰᠠᠨ ᠬᠠᠮᠢᠶ᠎ᠠ ᠪᠦᠬᠦᠢ ᠭᠡᠷᠡᠴᠢ ᠵᠢᠴᠢ 48 ᠴᠠᠭ ᠤᠨ | ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ | ᠰᠠᠯᠤᠨ ᠨᠤᠲᠤᠭ ᠲᠤ ᠪᠠᠨ ᠪᠤᠴᠠᠵᠤ᠂ ᠰᠤᠷᠭᠠᠭᠤᠯᠢ ᠠᠴᠠ ᠵᠣᠷᠢᠭᠰᠠᠨ ᠭᠠᠵᠠᠷ ᠬᠦᠷᠲᠡᠯᠡᠬᠢ ︽ᠴᠡᠭ ᠠᠴᠠ ᠴᠡᠭ ᠲᠤ ᠬᠦᠷᠬᠦ︾ | ᠪᠢᠲᠡᠭᠦᠮᠵᠢᠲᠦ ᠴᠠᠭᠠᠷᠢᠭ ᠤᠨ ᠠᠷᠭ᠎ᠠ ᠪᠠᠷ ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠳᠤ ᠨᠡᠶᠢᠴᠡᠭᠰᠡᠨ | ᠣᠶᠤᠲᠠᠨ ᠨᠤᠲᠤᠭ ᠲᠤ ᠪᠠᠨ ᠪᠤᠴᠠᠭᠰᠠᠨ ᠤ ᠳᠠᠷᠠᠭ᠎ᠠ᠂ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂ ᠭᠡᠷ ᠲᠤ ᠪᠠᠨ | ᠭᠦᠷᠦᠭᠰᠡᠨ ᠤ ᠳᠠᠷᠠᠭ᠎ᠠ 7 ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠵᠦ᠂ ᠬᠡᠷᠪᠡ ᠬᠡᠪ ᠤᠨ ᠪᠤᠰᠤ ᠪᠠᠶᠢᠳᠠᠯ | ᠭᠠᠷᠪᠠᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠲᠤ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠲᠣᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ᠂ ᠨᠢᠭᠡᠨᠲᠡ | ᠨᠤᠲᠤᠭ ᠲᠤ ᠪᠠᠨ ᠪᠤᠴᠠᠭᠰᠠᠨ ᠣᠶᠤᠲᠠᠨ ᠳᠤ᠂ ᠡᠯ᠎ᠡ ᠭᠠᠵᠠᠷ ᠤᠨ ᠬᠢᠨ ︽ᠨᠢᠭᠡ ᠬᠥᠮᠥᠨ ᠳᠤ ᠨᠢᠭᠡ ᠠᠷᠭ᠎ᠠ ᠬᠡᠷᠡᠭᠵᠢᠭᠦᠯᠬᠦ︾ | ᠵᠠᠷᠴᠢᠮ ᠶᠣᠰᠣᠭᠠᠷ᠂ ᠶᠡᠷᠦᠩᠬᠡᠶᠢᠯᠡᠨ ᠵᠢᠱᠢᠵᠦ ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ ᠭᠡᠵᠡᠢ᠃ | ︽ᠮᠡᠳᠡᠭᠳᠡᠯ︾ ᠳᠤ ᠪᠠᠰᠠ᠂ ᠡᠯ᠎ᠡ ᠭᠠᠵᠠᠷ ᠤᠨ ᠬᠢᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ | ᠪᠤᠴᠠᠬᠤ ᠲᠥᠷᠥ ᠶᠢᠨ ᠪᠣᠳᠣᠯᠭ᠎ᠠ ᠶᠢ ᠱᠠᠲᠤ ᠳᠠᠷᠠᠭᠠᠯᠠᠨ ᠤᠯᠠᠮᠵᠢᠯᠠᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠂ | ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ | ᠣᠷᠣᠨ ᠳᠤ᠂ ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠪᠣᠯ᠂ ᠪᠤᠴᠠᠭᠰᠠᠨ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ᠂ ᠡᠯ᠎ᠡ | ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠨᠢ ᠬᠡᠯᠲᠦᠷᠢᠭᠦᠯᠦᠨ᠎ᠡ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠣᠶᠤᠲᠠᠳ ᠤᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠮᠡᠳᠡᠭᠳᠡᠯᠳᠤ ᠴᠢᠬᠤᠯᠠᠴᠢᠯᠠᠭᠰᠠᠨ ᠨᠢ᠂ ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ | ᠲᠤᠰᠠᠭᠠᠷᠯᠠᠬᠤ ᠴᠢᠬᠤᠯᠠᠲᠠᠢ ᠪᠣᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠦᠨ᠎ᠡ | ᠭᠡᠵᠡᠢ᠃ ︽ᠮᠡᠳᠡᠭᠳᠡᠯᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ | ᠬᠤᠭᠤᠴᠠᠭᠠᠨ ᠳᠠᠬᠢ ᠨᠤᠲᠤᠭ ᠲᠤ ᠪᠠᠨ ᠪᠤᠴᠠᠭᠰᠠᠨ ᠣᠶᠤᠲᠠᠳ ᠢ ᠬᠠᠯᠠᠮᠵᠢᠯᠠᠨ ᠬᠠᠶᠢᠷᠠᠯᠠᠵᠤ᠂ ᠢᠳᠡᠵᠦ ᠤᠤᠭᠤᠬᠤ ᠬᠤᠨᠣᠵᠤ | ᠬᠡᠪᠲᠡᠬᠦ ᠨᠥᠬᠦᠴᠡᠯ ᠢ ᠨᠢ ᠪᠠᠲᠤᠯᠠᠨ᠂ ᠣᠶᠤᠲᠠᠳ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ | ᠬᠡᠷᠡᠭᠴᠡᠭᠡ ᠶᠢ ᠨᠢ ᠬᠠᠩᠭᠠᠬᠤ ᠬᠡᠷᠡᠭᠲᠡᠢ ᠭᠡᠵᠡᠢ᠃ | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠡᠳᠡᠭᠡᠷ ᠵᠦᠢᠯ ᠢ ᠠᠩᠬᠠᠷᠬᠤ ᠬᠡᠷᠡᠭᠲᠡᠢ | | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ | ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠄ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ | ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ ᠭᠡᠷᠡᠴᠢ ᠪᠠᠨ ᠠᠪᠴᠤ ᠶᠠᠪᠤᠬᠤ ᠬᠡᠷᠡᠭᠲᠡᠢ︔ ᠡᠷᠡᠭᠦᠯ ᠮᠡᠨᠳᠦ ᠶᠢᠨ ᠺᠣᠳ᠋ | ᠪᠠ ᠠᠶᠠᠯᠠᠯ ᠤᠨ ᠺᠣᠳ᠋ ᠢ ᠨᠢ ᠪᠠᠶᠢᠴᠠᠭᠠᠨ᠎ᠠ᠃ ᠣᠶᠤᠲᠠᠳ ᠨᠤᠲᠤᠭ ᠲᠤ ᠪᠠᠨ ᠪᠤᠴᠠᠬᠤ ᠵᠠᠮ ᠳᠤ ᠪᠠᠨ ᠠᠮᠠᠪᠴᠢ᠂ ᠲᠦᠷᠭᠡᠨ | ᠬᠠᠳᠠᠬᠤ ᠠᠷᠢᠭᠤᠳᠬᠠᠭᠴᠢ ᠵᠡᠷᠭᠡ ᠬᠤᠪᠢ ᠬᠥᠮᠥᠨ ᠤ ᠬᠠᠮᠠᠭᠠᠯᠠᠯᠲᠠ ᠶᠢᠨ ᠬᠡᠷᠡᠭᠰᠡᠯ ᠢᠶᠠᠨ ᠭᠦᠢᠴᠡᠳ ᠠᠪᠴᠤ᠂ ᠪᠥᠬᠦ | ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠪᠥᠬᠦ ᠶᠠᠪᠤᠴᠠ ᠳᠤ | ᠠᠮᠠᠪᠴᠢ ᠪᠠᠨ ᠰᠠᠶᠢᠲᠤᠷ ᠵᠡᠭᠦᠵᠦ᠂ ᠪᠤᠰᠤᠳ ᠬᠥᠮᠥᠨ ᠲᠠᠢ ᠬᠦᠷᠦᠯᠴᠡᠬᠦ ᠪᠠᠨ ᠠᠯᠢ ᠴᠢᠳᠠᠬᠤ ᠪᠠᠷ ᠪᠠᠭᠠᠰᠬᠠᠵᠤ᠂ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠬᠠᠮᠲᠤ ᠰᠠᠭᠤᠭᠰᠠᠳ ᠯᠤᠭ᠎ᠠ ᠵᠠᠢ ᠪᠠᠨ ᠠᠯᠢ ᠴᠢᠳᠠᠬᠤ ᠪᠠᠷ ᠪᠠᠲᠤᠯᠠᠵᠤ᠂ | ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠭᠠᠷ ᠤᠨ ᠠᠷᠢᠭᠤᠨ ᠴᠡᠪᠡᠷ ᠢᠶᠠᠨ ᠰᠠᠶᠢᠲᠤᠷ ᠪᠠᠲᠤᠯᠠᠵᠤ᠂ ᠡᠭᠦᠳᠡᠨ | ᠪᠠᠷᠢᠭᠤᠯ᠂ ᠴᠠᠬᠢᠯᠭᠠᠨ ᠱᠠᠲᠤ ᠶᠢᠨ ᠳᠠᠷᠤᠭᠤᠯ ᠵᠡᠷᠭᠡ ᠨᠡᠶᠢᠲᠡ ᠶᠢᠨ ᠪᠡᠯᠡᠳᠬᠡᠮᠵᠢ ᠳᠤ ᠰᠢᠭᠤᠳ ᠬᠦᠷᠦᠯᠴᠡᠬᠦ ᠠᠴᠠ ᠠᠯᠢ | ᠴᠢᠳᠠᠬᠤ ᠪᠠᠷ ᠵᠠᠶᠢᠯᠠᠰᠬᠢᠵᠦ᠂ ᠬᠦᠷᠦᠯᠴᠡᠭᠰᠡᠨ ᠤ ᠳᠠᠷᠠᠭ᠎ᠠ ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ ᠲᠦᠷᠭᠡᠨ | ᠬᠠᠳᠠᠬᠤ ᠠᠷᠢᠭᠤᠳᠬᠠᠭᠴᠢ ᠵᠡᠷᠭᠡ ᠪᠠᠷ ᠠᠷᠢᠭᠤᠳᠬᠠᠬᠤ ᠬᠡᠷᠡᠭᠲᠡᠢ᠃ ᠭᠤᠷᠪᠠ ᠳᠤ᠂ ᠥᠪᠡᠷ ᠤᠨ ᠪᠡᠶ᠎ᠡ ᠶᠢᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠬᠦ ᠬᠡᠷᠡᠭᠲᠡᠢ᠃ ᠭᠡᠷ ᠲᠤ ᠪᠠᠨ ᠪᠤᠴᠠᠬᠤ ᠵᠠᠮ ᠳᠤ ᠪᠠᠨ ᠪᠤᠶᠤ | ᠭᠡᠷ ᠲᠤ ᠪᠠᠨ ᠬᠠᠷᠢᠭᠰᠠᠨ ᠤ ᠳᠠᠷᠠᠭ᠎ᠠ᠂ ᠰᠡᠵᠢᠭ ᠲᠠᠢ ᠰᠢᠨᠵᠢ ᠢᠯᠡᠷᠡᠯ ᠭᠠᠷᠪᠠᠯ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠴᠠᠭ | ᠲᠤᠬᠠᠢ ᠳᠤ ᠨᠢ ᠣᠶᠢᠷ᠎ᠠ ᠬᠠᠪᠢ ᠳᠤ ᠪᠠᠨ ᠡᠮᠴᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ ᠪᠠᠨ᠂ | ᠲᠤᠬᠠᠢ ᠶᠢᠨ ᠭᠠᠵᠠᠷ ᠤᠨ ᠲᠣᠭᠲᠠᠭᠠᠯ ᠶᠣᠰᠣᠭᠠᠷ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ ᠬᠡᠷᠡᠭᠲᠡᠢ᠃ | ᠨᠤᠲᠤᠭ ᠲᠤ ᠪᠠᠨ ᠬᠠᠷᠢᠭᠰᠠᠨ ᠤ ᠳᠠᠷᠠᠭ᠎ᠠ ᠲᠤᠰᠠᠭᠠᠷᠯᠠᠬᠤ ᠴᠢᠬᠤᠯᠠᠲᠠᠢ ᠣᠶᠤᠲᠠᠨ ᠳᠤ ᠲᠤᠰᠠᠭᠠᠷᠯᠠᠬᠤ ᠬᠠᠮᠢᠶ᠎ᠠ ᠪᠦᠬᠦᠢ | ᠱᠠᠭᠠᠷᠳᠠᠯᠭ᠎ᠠ ᠶᠢ ᠵᠢᠷᠤᠮᠯᠠᠨ᠂ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠪᠥᠭᠡᠮ ᠬᠦᠴᠢᠯ ᠤᠨ ᠪᠠᠶᠢᠴᠠᠭᠠᠯᠲᠠ ᠶᠢ | ᠰᠠᠶᠢᠲᠤᠷ ᠬᠢᠵᠦ᠂ ᠡᠳᠦᠷ ᠪᠦᠷᠢ ᠲᠣᠭᠲᠠᠭᠰᠠᠨ ᠴᠠᠭ ᠲᠤ ᠪᠡᠶ᠎ᠡ ᠶᠢᠨ ᠳᠤᠯᠠᠭᠠᠨ ᠢ ᠨᠢ ᠬᠡᠮᠵᠢᠨ᠎ᠡ᠂ ᠬᠡᠷᠪᠡ ᠬᠠᠯᠠᠭᠤᠷᠠᠬᠤ᠂ ᠬᠡᠢ | ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷ ︵ᠠᠮᠲᠠ︶ ᠤᠨ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠰᠢᠨᠵᠢ | ᠢᠯᠡᠷᠡᠯ ᠭᠠᠷᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠲᠡᠮᠦᠷ ᠵᠠᠮ ᠤᠨ ᠰᠠᠯᠠᠭ᠎ᠠ ᠮᠥᠴᠢᠷ ᠲᠡᠭᠡᠭᠡᠪᠦᠷᠢ ᠶᠢᠨ ᠬᠦᠴᠦᠨ ᠢ ᠭᠦᠢᠴᠡᠳ ᠬᠠᠩᠭᠠᠵᠤ᠂ ᠣᠶᠤᠲᠠᠳ ᠤᠨ | ᠨᠤᠲᠤᠭ ᠲᠤ ᠪᠠᠨ ᠪᠤᠴᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠪᠣᠶ ᠲᠡᠭᠡᠭᠡᠪᠦᠷᠢ ᠶᠢᠨ ᠬᠦᠴᠦᠨ ᠤ | ᠪᠠᠲᠤᠯᠠᠭ᠎ᠠ ᠶᠢᠨ ᠲᠠᠯ᠎ᠠ ᠪᠠᠷ᠂ ᠲᠡᠮᠦᠷ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢ ᠵᠣᠬᠢᠶᠠᠨ ᠪᠠᠶᠢᠭᠤᠯᠤᠨ | ᠮᠡᠷᠭᠡᠵᠢᠯ ᠤᠨ ᠰᠤᠳᠤᠯᠭᠠᠨ ᠥᠷᠨᠢᠭᠦᠯᠵᠦ᠂ 6 ᠳ᠋ᠤᠭᠠᠷ ᠰᠠᠷ᠎ᠠ ᠶᠢᠨ 1 ᠤ ᠡᠳᠦᠷ 12306 ᠭᠠᠷ ᠤᠲᠠᠰᠤᠨ ᠤ | ᠬᠡᠷᠡᠭᠯᠡᠭᠴᠢ ᠶᠢᠨ ᠦᠵᠦᠭᠦᠷ ᠪᠣᠯᠣᠨ 12306 ᠸᠢᠴᠠᠲ ᠤᠨ ᠵᠢᠵᠢᠭ ᠫᠷᠣᠭ᠍ᠷᠠᠮ ᠵᠡᠷᠭᠡ ᠬᠤᠶᠠᠷ ᠠᠷᠭ᠎ᠠ ᠪᠠᠷ ᠣᠶᠤᠲᠠᠳ ᠤᠨ | ᠶᠠᠪᠤᠵᠤ ᠰᠠᠭᠤᠬᠤ ᠬᠡᠷᠡᠭᠴᠡᠭᠡ ᠶᠢ ᠳᠠᠩᠰᠠᠯᠠᠬᠤ ᠴᠢᠳᠠᠮᠵᠢ ᠶᠢ ᠭᠠᠷᠭᠠᠪᠠ᠃ ᠬᠡᠷᠡᠭᠴᠡᠭᠡ ᠶᠢ ᠦᠨᠳᠦᠰᠦᠯᠡᠨ ᠦᠷ᠎ᠡ ᠳ᠋ᠦᠩ ᠪᠠ | ᠲᠡᠦᠬᠡᠨ ᠳᠠᠬᠢ ᠠᠶᠠᠨᠴᠢᠳ ᠤᠨ ᠤᠷᠤᠰᠬᠠᠯ ᠤᠨ ᠳ᠋ᠠᠶᠢᠲ᠋ᠠ ᠶᠢ ᠵᠠᠳᠠᠯᠵᠤ᠂ ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠣᠶᠤᠲᠠᠳ ᠤᠨ ᠶᠠᠪᠤᠵᠤ ᠰᠠᠭᠤᠬᠤ ᠬᠠᠯᠠᠮᠰᠢᠯ ᠴᠢᠭᠯᠡᠯ ᠪᠠ ᠲᠥᠪᠯᠡᠷᠡᠩᠭᠦᠢ | ᠴᠠᠭ ᠦᠶ᠎ᠡ ᠳᠤ ᠭᠠᠯᠲᠤ ᠲᠡᠷᠭᠡ ᠨᠡᠮᠡᠬᠦ᠂ ᠲᠠᠰᠤᠯᠭ᠎ᠠ ᠨᠡᠮᠡᠬᠦ᠂ ᠬᠥᠳᠡᠯᠭᠡᠭᠦᠷᠲᠦ ᠲᠡᠷᠭᠡ ᠶᠢ ᠳᠠᠬᠢᠨ ᠬᠤᠯᠪᠣᠬᠤ ᠵᠡᠷᠭᠡ ᠠᠷᠭ᠎ᠠ | ᠬᠡᠮᠵᠢᠶ᠎ᠡ ᠠᠪᠴᠤ᠂ ᠲᠡᠭᠡᠭᠡᠪᠦᠷᠢ ᠶᠢᠨ ᠬᠦᠴᠦᠨ ᠢ ᠭᠦᠢᠴᠡᠳ ᠬᠠᠩᠭᠠᠨ᠎ᠠ᠃ ᠪᠡᠭᠡᠵᠢᠩ᠂ ᠭᠤᠸᠠᠩᠵᠧᠦ᠂ ᠦᠬᠠᠨ᠂ ᠰᠢ ᠠᠨ | ᠵᠡᠷᠭᠡ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ ᠭᠠᠵᠠᠷ ᠲᠤ᠂ ᠵᠣᠬᠢᠬᠤ ᠲᠣᠭᠠᠨ ᠤ ᠪᠡᠯᠡᠳᠬᠡᠯᠲᠦ ᠬᠥᠳᠡᠯᠭᠡᠭᠦᠷᠲᠦ ᠲᠡᠷᠭᠡ | ᠲᠣᠬᠢᠷᠠᠭᠤᠯᠵᠤ᠂ ᠪᠢᠯᠧᠲ ᠬᠤᠳᠠᠯᠳᠤᠬᠤ ᠲᠣᠮᠣ ᠳ᠋ᠠᠶᠢᠲ᠋ᠠ ᠶᠢᠨ ᠬᠥᠳᠡᠯᠦᠩᠭᠦᠢ ᠪᠠᠶᠢᠳᠠᠯ ᠢ ᠦᠨᠳᠦᠰᠦᠯᠡᠨ᠂ ᠪᠡᠯᠡᠳᠬᠡᠯ | ᠴᠢᠳᠠᠪᠤᠷᠢ ᠶᠢ ᠴᠠᠭ ᠲᠤᠬᠠᠢ ᠳᠤ ᠨᠢ ᠡᠬᠢᠯᠡᠭᠦᠯᠵᠦ᠂ ᠣᠶᠤᠲᠠᠳ ᠤᠨ ᠶᠠᠪᠤᠵᠤ ᠰᠠᠭᠤᠬᠤ ᠭᠡᠨᠡᠳᠲᠡ ᠶᠢᠨ ᠬᠡᠷᠡᠭᠴᠡᠭᠡ ᠶᠢ | ᠬᠠᠩᠭᠠᠨ᠎ᠠ᠃ | ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠨᠢᠭᠡ ᠳᠤ᠂ ᠡᠩ ᠲᠡᠷᠢᠭᠦᠨ ᠳᠤ ᠪᠢᠯᠧᠲ ᠤᠨ ᠬᠠᠩᠭᠠᠯᠭ᠎ᠠ ᠶᠢ ᠪᠠᠲᠤᠯᠠᠨ᠎ᠠ᠃ | ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠲᠥᠪᠯᠡᠷᠡᠭᠰᠡᠨ ᠣᠷᠣᠨ ᠬᠡᠰᠡᠭ ᠪᠠ ᠬᠠᠯᠠᠮᠰᠢᠯ ᠴᠢᠭᠯᠡᠯ ᠳᠤ ᠣᠶᠤᠲᠠᠳ ᠲᠤ | ᠲᠤᠰᠬᠠᠢ ᠪᠢᠯᠧᠲ ᠦᠯᠡᠳᠡᠭᠡᠵᠦ᠂ ᠣᠶᠤᠲᠠᠳ ᠤᠨ ᠬᠤᠳᠠᠯᠳᠤᠨ ᠠᠪᠬᠤ ᠶᠢ ᠤᠷᠢᠳ ᠢᠶᠠᠷ ᠬᠠᠩᠭᠠᠨ᠎ᠠ᠃ ᠬᠤᠶᠠᠷ ᠲᠤ᠂ | ᠥᠷᠲᠡᠭᠡᠨ ᠳᠤ ᠣᠷᠣᠵᠤ ᠲᠡᠷᠭᠡ ᠬᠦᠯᠢᠶᠡᠬᠦ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠨᠥᠬᠦᠴᠡᠯ ᠪᠦᠬᠦᠢ ᠲᠡᠷᠭᠡᠨ | ᠥᠷᠲᠡᠭᠡᠨ ᠳᠤ ᠣᠶᠤᠲᠠᠳ ᠤᠨ ᠥᠷᠲᠡᠭᠡᠨ ᠳᠤ ᠣᠷᠣᠬᠤ ᠵᠠᠮ ᠭᠠᠷᠭᠠᠵᠤ᠂ ᠲᠡᠷᠭᠡ ᠬᠦᠯᠢᠶᠡᠬᠦ ᠲᠤᠰᠬᠠᠢ ᠭᠠᠵᠠᠷ | ᠲᠣᠬᠢᠷᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠦᠢᠯᠡᠴᠢᠯᠡᠨ᠎ᠡ᠃ ᠭᠤᠷᠪᠠ ᠳᠤ᠂ ᠬᠡᠷᠡᠭᠴᠡᠭᠡᠨ ᠳᠤ ᠵᠣᠬᠢᠴᠠᠭᠤᠯᠤᠭᠰᠠᠨ | ᠦᠢᠯᠡᠴᠢᠯᠡᠭᠡ ᠬᠠᠩᠭᠠᠨ᠎ᠠ᠃ ᠡᠯ᠎ᠡ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢ ᠲᠣᠬᠢᠷᠠᠭᠤᠯᠤᠨ ᠬᠠᠷᠢᠶ᠎ᠠ | ᠭᠠᠵᠠᠷ ᠤᠨ ᠰᠤᠷᠭᠠᠭᠤᠯᠢ ᠯᠤᠭ᠎ᠠ ᠵᠣᠯᠭᠠᠭᠤᠯᠵᠤ᠂ ᠰᠤᠷᠭᠠᠭᠤᠯᠢ ᠶᠢᠨ ᠰᠤᠷᠤᠭᠴᠢᠳ ᠢᠶᠠᠨ ᠵᠣᠬᠢᠶᠠᠨ ᠪᠠᠶᠢᠭᠤᠯᠵᠤ | ᠲᠥᠪᠯᠡᠷᠡᠭᠦᠯᠦᠨ ᠶᠠᠪᠤᠵᠤ ᠰᠠᠭᠤᠬᠤ ᠶᠢ ᠳᠡᠮᠵᠢᠵᠦ᠂ ᠰᠤᠷᠭᠠᠭᠤᠯᠢ ᠪᠠ ᠲᠡᠮᠦᠷ ᠵᠠᠮ ᠤᠨ ᠬᠤᠯᠪᠣᠭᠠᠯᠠᠯ ᠢᠶᠠᠷ ᠳᠠᠮᠵᠢᠭᠤᠯᠤᠨ᠂ | ᠣᠶᠤᠲᠠᠳ ᠲᠤ ︽ᠲᠤᠰᠬᠠᠢ ᠸᠠᠭᠤᠨ︾ ᠵᠢᠴᠢ ︽ᠣᠶᠤᠲᠠᠳ ᠤᠨ ᠲᠤᠰᠬᠠᠢ ᠭᠠᠯᠲᠤ ᠲᠡᠷᠭᠡ︾ ᠶᠢᠨ ᠦᠢᠯᠡᠴᠢᠯᠡᠭᠡ ᠶᠢ | ᠢᠳᠡᠪᠬᠢᠲᠡᠢ ᠬᠠᠩᠭᠠᠨ᠎ᠠ᠃ ᠣᠶᠢᠯᠠᠭᠠᠭᠰᠠᠨ ᠢᠶᠠᠷ᠂ ᠲᠦᠷᠦᠭᠦᠴᠢ ᠶᠢᠨ ᠬᠤᠭᠤᠴᠠᠭᠠᠨ ᠳᠤ ᠮᠦᠭᠳᠡᠨ ᠠᠴᠠ ᠳ᠋ᠠᠯᠢᠶᠠᠨ ᠬᠦᠷᠬᠦ᠂ | ᠮᠦᠭᠳᠡᠨ ᠠᠴᠠ ᠳ᠋ᠠᠨᠳᠦ᠋ᠩ ᠬᠦᠷᠬᠦ᠂ ᠭᠢᠷᠢᠨ ᠠᠴᠠ ᠴᠠᠭᠠᠨᠬᠤᠲᠠ ᠬᠦᠷᠬᠦ᠂ ᠱᠢ ᠵᠢᠶᠠ ᠵᠤᠸᠠᠩ ᠠᠴᠠ ᠴᠧᠩᠳᠧ ᠬᠦᠷᠬᠦ᠂ ᠵᠢᠴᠢ | ᠱᠠᠩᠬᠠᠢ ᠠᠴᠠ ᠬᠠᠷᠪᠢᠨ᠂ ᠯᠠᠨᠵᠧᠦ᠂ ᠦᠬᠠᠨ᠂ ᠴᠠᠩᠱᠠ᠂ ᠭᠤᠸᠠᠩᠵᠧᠦ ᠬᠦᠷᠬᠦ ᠵᠡᠷᠭᠡ ᠣᠶᠤᠲᠠᠳ ᠤᠨ ᠲᠤᠰᠬᠠᠢ ᠭᠠᠯᠲᠤ | ᠲᠡᠷᠭᠡ ᠶᠢ ᠨᠢᠭᠡᠨᠲᠡ 30 ᠤᠳᠠᠭ᠎ᠠ ᠨᠠᠪᠲᠠᠷᠡᠭᠦᠯᠵᠦ᠂ ᠵᠠᠯᠭᠠᠭᠠᠳ ᠰᠤᠷᠭᠠᠭᠤᠯᠢ ᠶᠢᠨ ᠭᠤᠶᠤᠴᠢᠯᠠᠯ ᠢ ᠦᠨᠳᠦᠰᠦᠯᠡᠨ᠂ | ᠵᠠᠬᠢᠶᠠᠯᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ᠃ ᠳᠥᠷᠪᠡ ᠳᠤ᠂ ᠶᠠᠪᠤᠵᠤ | ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠰᠠᠨᠠᠭ᠎ᠠ ᠶᠢ ᠭᠦᠢᠴᠡᠳ ᠬᠦᠨᠳᠦᠳᠬᠡᠵᠦ᠂ | ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ | ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠡᠢ᠃ ᠮᠡᠳᠡᠭᠳᠡᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠣᠷᠣᠨ ᠪᠣᠯᠣᠨ ᠡᠯ᠎ᠡ ᠶᠡᠭᠡ | ᠳᠡᠭᠡᠳᠦ ᠰᠤᠷᠭᠠᠭᠤᠯᠢ ᠶᠢ ᠵᠢᠯᠣᠭᠤᠳᠤᠨ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ | | ᠨᠢᠭᠡᠳᠦᠭᠡᠷ ᠲᠤ᠂ ᠣᠶᠤᠲᠠᠳ ᠤᠨ ᠰᠣᠩᠭᠤᠯᠲᠠ ᠬᠢᠬᠦ ᠰᠠᠨᠠᠭ᠎ᠠ ᠶᠢ ᠬᠦᠨᠳᠦᠳᠬᠡᠨ᠎ᠡ᠃ ᠡᠯ᠎ᠡ ᠭᠠᠵᠠᠷ ᠤᠨ ᠡᠯ᠎ᠡ ᠶᠡᠭᠡ | ᠳᠡᠭᠡᠳᠦ ᠰᠤᠷᠭᠠᠭᠤᠯᠢ ᠨᠢ ᠬᠠᠮᠢᠶ᠎ᠠ ᠪᠦᠬᠦᠢ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠣᠶᠤᠲᠠᠳ ᠤᠨ | ᠰᠤᠷᠭᠠᠭᠤᠯᠢ ᠳᠤ ᠪᠠᠨ ᠦᠯᠡᠳᠡᠬᠦ᠂ ᠳᠠᠳᠤᠯᠭ᠎ᠠ ᠳᠤ ᠣᠷᠤᠯᠴᠠᠬᠤ᠂ ᠲᠤᠷᠰᠢᠯᠲᠠ ᠶᠢᠨ ᠰᠤᠳᠤᠯᠭᠠᠨ ᠬᠢᠬᠦ᠂ ᠥᠭᠦᠯᠡᠯ ᠵᠢᠴᠢ | ᠰᠢᠯᠭᠠᠯᠲᠠ ᠳᠤ ᠪᠡᠯᠡᠳᠬᠡᠬᠦ ᠵᠡᠷᠭᠡ ᠡᠯ᠎ᠡ ᠵᠦᠢᠯ ᠤᠨ ᠵᠣᠬᠢᠰᠲᠠᠢ ᠬᠡᠷᠡᠭᠴᠡᠭᠡ ᠶᠢ ᠬᠠᠩᠭᠠᠵᠤ᠂ ᠣᠶᠤᠲᠠᠳ ᠤᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ᠂ ᠡᠷᠡᠭᠦᠯ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠶᠢ | ᠬᠥᠮᠥᠵᠢᠭᠦᠯᠦᠨ ᠵᠢᠯᠤᠭᠤᠳᠴᠤ᠂ ᠰᠤᠯᠠᠷᠠᠭᠤᠯᠬᠤ ᠦᠭᠡᠢ᠂ ᠬᠥᠩᠭᠡᠨ ᠬᠠᠭᠤᠳᠠᠮ ᠬᠠᠨᠳᠤᠬᠤ ᠦᠭᠡᠢ ᠪᠠᠶᠢᠵᠤ᠂ ᠬᠤᠪᠢ | ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠶᠢ ᠬᠥᠲᠥᠯᠥᠨ ᠵᠢᠯᠣᠭᠤᠳᠤᠨ᠎ᠠ᠃ | ᠬᠤᠶᠠᠳᠤᠭᠠᠷ ᠲᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ᠃ | ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠡᠷᠡᠭᠦᠯ ᠮᠡᠨᠳᠦ᠂ ᠰᠤᠷᠤᠯᠭ᠎ᠠ᠂ ᠠᠮᠢᠳᠤᠷᠠᠯ ᠤᠨ ᠪᠠᠶᠢᠳᠠᠯ ᠬᠢᠭᠡᠳ | ᠬᠡᠷᠡᠭᠴᠡᠭᠡ ᠶᠢ ᠬᠥᠳᠡᠯᠦᠩᠭᠦᠢ ᠪᠠᠷ ᠡᠵᠡᠮᠰᠢᠵᠦ᠂ ᠴᠠᠭ ᠲᠤᠬᠠᠢ ᠳᠤ ᠨᠢ ᠴᠢᠭᠯᠡᠯᠲᠦ ᠴᠢᠨᠠᠷᠲᠠᠢ ᠦᠢᠯᠡᠴᠢᠯᠡᠭᠡ ᠬᠠᠩᠭᠠᠨ᠎ᠠ᠃ | ᠢᠯᠠᠩᠭᠤᠶ᠎ᠠ ᠵᠢᠭᠠᠨ ᠰᠤᠷᠭᠠᠯᠲᠠ ᠶᠢᠨ ᠠᠬᠢᠴᠠ ᠪᠠ ᠬᠤᠭᠤᠴᠠᠭᠠᠨ ᠡᠴᠦᠰ ᠤᠨ ᠰᠢᠯᠭᠠᠯᠲᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ | ᠵᠣᠬᠢᠰᠲᠠᠢ ᠲᠣᠬᠢᠷᠠᠭᠤᠯᠵᠤ᠂ ᠬᠤᠭᠤᠯᠠ ᠢᠳᠡᠬᠦ᠂ ᠪᠠᠷᠠᠭ᠎ᠠ ᠬᠤᠳᠠᠯᠳᠤᠨ ᠠᠪᠬᠤ᠂ ᠲᠦᠷᠭᠡᠨ ᠬᠦᠷᠭᠡᠬᠦ ᠵᠡᠷᠭᠡ ᠬᠠᠮᠢᠶ᠎ᠠ ᠪᠦᠬᠦᠢ | ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠢᠯᠠᠩᠭᠤᠶ᠎ᠠ ᠬᠡᠷᠡᠭᠴᠡᠭᠡ ᠶᠣᠰᠣᠭᠠᠷ ᠰᠤᠷᠭᠠᠭᠤᠯᠢ ᠶᠢᠨ ᠬᠦᠷᠢᠶᠡᠨ ᠤ | ᠰᠤᠷᠤᠯᠴᠠᠬᠤ᠂ ᠪᠡᠶ᠎ᠡ ᠪᠣᠯᠪᠠᠰᠤᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠭᠤᠣᠯᠳᠠᠯᠭ᠎ᠠ ᠲᠠᠢ ᠲᠠᠯᠠᠪᠤᠷ ᠢ | ᠨᠡᠭᠡᠭᠡᠵᠦ᠂ ᠣᠶᠤᠲᠠᠳ ᠤᠨ ᠡᠪᠡᠳᠴᠢᠨ ᠦᠵᠡᠭᠦᠯᠬᠦ ᠵᠡᠷᠭᠡ ᠣᠨᠴᠠᠭᠠᠶ ᠬᠡᠷᠡᠭᠴᠡᠭᠡ ᠶᠢ ᠬᠠᠩᠭᠠᠵᠤ᠂ ᠰᠤᠷᠭᠠᠭᠤᠯᠢ ᠳᠤ ᠪᠠᠨ | ᠦᠯᠡᠳᠡᠭᠰᠡᠨ ᠣᠶᠤᠲᠠᠳ ᠲᠤ ︽ᠰᠤᠷᠭᠠᠭᠤᠯᠢ ᠳᠤ ᠪᠠᠶᠢᠬᠤ ᠨᠢ ᠭᠡᠷ ᠲᠤ ᠪᠠᠨ ᠪᠠᠶᠢᠬᠤ ᠰᠢᠭ᠋︾ ᠳᠣᠲᠣᠨᠣ ᠲᠥᠷᠥᠭᠳᠡᠯ | ᠣᠯᠭᠤᠨ᠎ᠠ᠃ | ᠭᠤᠷᠪᠠᠳᠤᠭᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠪᠣᠯᠣᠨ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠤᠯᠪᠤᠭᠠᠯᠠᠨ ᠨᠡᠶᠢᠲᠡᠯᠡᠭᠰᠡᠨ ︽ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ︵ᠲᠠᠪᠤᠳᠤᠭᠠᠷ ᠬᠡᠪᠯᠡᠯ︶︾ ᠢ | ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ︽ᠰᠤᠷᠭᠠᠭᠤᠯᠢ ᠶᠢᠨ ᠡᠭᠦᠳᠡᠨ ᠤ ᠪᠣᠭᠤᠮᠲᠠ︾ ᠶᠢ ᠰᠠᠶᠢᠲᠤᠷ ᠰᠠᠬᠢᠵᠤ᠂ ᠬᠥᠮᠥᠨ᠂ | ᠪᠣᠳᠠᠰ᠂ ᠣᠷᠴᠢᠨ ᠲᠣᠭᠤᠷᠢᠨ ᠢ ᠵᠡᠷᠭᠡ ᠳᠤ ᠨᠢ ᠰᠡᠷᠭᠡᠶᠢᠯᠡᠬᠦ ᠶᠢ ᠪᠠᠷᠢᠮᠲᠠᠯᠠᠨ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ | ᠪᠥᠭᠡᠮ ᠬᠦᠴᠢᠯ ᠤᠨ ᠪᠠᠶᠢᠴᠠᠭᠠᠯᠲᠠ᠂ ᠭᠤᠣᠯᠳᠠᠯᠭ᠎ᠠ ᠲᠠᠢ ᠲᠠᠯᠠᠪᠤᠷ ᠤᠨ ᠣᠷᠴᠢᠨ ᠲᠣᠭᠤᠷᠢᠨ ᠢ ᠰᠠᠶᠢᠲᠤᠷ ᠠᠷᠢᠭᠤᠳᠬᠠᠵᠤ᠂ | ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ | ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠥᠮᠥᠡᠯᠢᠭ᠂ ᠬᠠᠷᠢᠮᠠᠬᠠᠢ ᠪᠠ ᠰᠢᠨᠵᠢᠯᠡᠬᠦ ᠤᠬᠠᠭᠠᠨᠴᠢᠯᠠᠭᠰᠠᠨ | ᠬᠠᠮᠢᠶᠠᠷᠤᠯᠲᠠ ᠶᠢᠨ ᠠᠷᠭ᠎ᠠ ᠪᠠᠷ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠢ ᠨᠠᠷᠢᠯᠢᠭ ᠪᠦᠲᠦᠮᠵᠢᠲᠡᠶ ᠰᠠᠶᠢᠲᠤᠷ ᠬᠢᠨ᠎ᠡ᠃ | |