| | | ᠡᠳᠡᠭᠡᠷ ᠵᠣᠭᠤᠰ ᠢ ᠪᠤᠴᠠᠭᠠᠵᠤ ᠥᠭᠭᠦᠨ᠎ᠡ ᠂ ᠡᠳᠡᠭᠡᠷ ᠵᠣᠭᠤᠰ ᠢ ᠬᠠᠰᠤᠵᠤ ᠬᠡᠯᠲᠦᠷᠢᠭᠦᠯᠦᠨ᠎ᠡ᠂ ᠡᠳᠡᠭᠡᠷ ᠵᠣᠭᠤᠰ ᠢ | ᠬᠤᠶᠢᠰᠢᠯᠠᠭᠤᠯᠵᠤ ᠪᠣᠯᠣᠨ᠎ᠠ ᠁ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠳᠡᠮᠵᠢᠯᠭᠡ | ᠢᠷᠡᠯ᠎ᠡ︕ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠠᠵᠤ ᠠᠬᠤᠢ ᠶᠢ ᠯᠠᠪᠳᠠᠭᠤᠨ ᠲᠣᠭᠲᠠᠭᠤᠨ | ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠠᠵᠤ ᠠᠬᠤᠢ ᠶᠢ | ᠯᠠᠪᠳᠠᠭᠤᠨ ᠲᠣᠭᠲᠠᠭᠤᠨ ᠪᠠᠶᠢᠯᠭᠠᠬᠤ ᠶᠢᠨ ᠲᠣᠭᠤᠷᠢᠨ ᠳᠤ ᠵᠢᠷᠭᠤᠭᠠᠨ ᠲᠠᠯ᠎ᠠ ᠶᠢᠨ 33 ᠵᠦᠢᠯ ᠤᠨ ᠪᠣᠳᠠᠲᠠᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠶᠠᠮᠠᠷ ᠶᠠᠮᠠᠷ ᠵᠣᠭᠤᠰ ᠢ ᠬᠡᠯᠲᠦᠷᠢᠭᠦᠯᠵᠦ ᠪᠣᠯᠬᠤ | ᠪᠤᠢ ︖ ᠶᠠᠮᠠᠷ ᠶᠠᠮᠠᠷ ᠵᠣᠭᠤᠰ ᠢ ᠬᠤᠶᠢᠰᠢᠯᠠᠭᠤᠯᠵᠤ ᠪᠣᠯᠬᠤ ᠪᠤᠢ︖ ᠶᠠᠮᠠᠷ ᠶᠠᠮᠠᠷ ᠵᠣᠭᠤᠰ ᠢ ᠪᠤᠴᠠᠭᠠᠵᠤ ᠪᠣᠯᠬᠤ | ᠪᠤᠢ︖ ᠠᠯᠢ ᠠᠯᠢ ᠲᠠᠯ᠎ᠠ ᠪᠠᠷ ᠵᠣᠭᠤᠰ ᠥᠭᠬᠦ ᠪᠤᠢ︖ ᠬᠠᠮᠲᠤ ᠪᠠᠷ ᠦᠵᠡᠵᠡᠭᠡᠶ᠎ᠡ ︕ | ᠡᠳᠡᠭᠡᠷ ᠵᠣᠭᠤᠰ ᠢ ᠪᠤᠴᠠᠭᠠᠵᠤ ᠥᠭᠭᠦᠨ᠎ᠡ ︱ | ᠰᠠᠭᠤᠳᠬᠠᠨ ᠪᠤᠴᠠᠭᠠᠬᠤ ᠭᠠᠶᠢᠯᠢ ᠶᠢ 1420 ᠳ᠋ᠦᠩᠰᠢᠭᠤᠷ ᠲᠥᠭᠦᠷᠢᠭ ᠨᠡᠮᠡᠭᠳᠡᠭᠦᠯᠪᠡ ︕ | ᠨᠢᠭᠡᠨᠲᠡ ᠨᠡᠶᠢᠲᠡᠯᠡᠭᠰᠡᠨ ᠦᠢᠯᠡᠳᠬᠡᠯ ᠤᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ | ᠠᠷᠠᠳ ᠤᠨ ᠠᠭᠠᠷ ᠤᠨ ᠲᠡᠭᠡᠭᠡᠪᠦᠷᠢ ᠪᠣᠯᠣᠨ ᠵᠠᠮ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠵᠡᠷᠭᠡ | 6 ᠠᠵᠢᠯ ᠲᠥᠷᠥᠯ ᠤᠨ ᠠᠵᠤ ᠠᠬᠤᠶᠢᠯᠠᠯ ᠤᠨ ᠦᠯᠡᠳᠡᠭᠡᠯ ᠰᠠᠭᠤᠳᠬᠠᠨ ᠪᠤᠴᠠᠭᠠᠬᠤ ᠭᠠᠶᠢᠯᠢ ᠶᠢᠨ ᠮᠥᠩᠭᠦ ᠶᠢ | ᠪᠦᠬᠦᠨ ᠢ ᠪᠤᠴᠠᠭᠠᠵᠤ᠂ ᠨᠡᠮᠡᠭᠳᠡᠯ ᠰᠠᠭᠤᠳᠬᠠᠨ ᠪᠤᠴᠠᠭᠠᠬᠤ ᠭᠠᠶᠢᠯᠢ ᠶᠢᠨ ᠮᠥᠩᠭᠦ ᠶᠢ ᠰᠠᠷ᠎ᠠ ᠪᠠᠷ ᠪᠦᠬᠦᠨ ᠢ | ᠪᠤᠴᠠᠭᠠᠭᠰᠠᠨ ᠰᠠᠭᠤᠷᠢᠨ ᠳᠡᠭᠡᠷ᠎ᠡ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠲᠠᠷᠢᠶᠠᠯᠠᠩ | ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ | ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ | ᠴᠡᠩᠭᠡᠯ ᠤᠨ ᠦᠢᠯᠡᠰ ᠵᠡᠷᠭᠡ 7 ᠠᠵᠢᠯ ᠲᠥᠷᠥᠯ ᠤᠨ ᠠᠵᠤ ᠠᠬᠤᠶᠢᠯᠠᠯ ᠢ ᠰᠠᠷ᠎ᠠ ᠪᠦᠷᠢ ᠪᠥᠬᠦ ᠲᠤᠭ᠎ᠠ ᠪᠠᠷ | ᠪᠤᠴᠠᠭᠠᠬᠤ ᠨᠡᠮᠡᠭᠳᠡᠯ ᠰᠠᠭᠤᠳᠬᠠᠨ ᠪᠤᠴᠠᠭᠠᠬᠤ ᠭᠠᠶᠢᠯᠢ᠂ ᠨᠢᠭᠡ ᠯᠡ ᠤᠳᠠᠭ᠎ᠠ ᠶᠢᠨ ᠴᠢᠨᠠᠷᠲᠠᠢ ᠪᠦᠬᠦ ᠲᠤᠭ᠎ᠠ ᠪᠠᠷ | ᠪᠤᠴᠠᠭᠠᠬᠤ ᠦᠯᠡᠳᠡᠭᠡᠯ ᠰᠠᠭᠤᠳᠬᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ | ᠣᠷᠣᠭᠤᠯᠬᠤ ᠶᠢ ᠰᠤᠳᠤᠯᠵᠤ᠂ ᠵᠢᠱᠢᠯᠲᠡ ᠪᠠᠷ ᠰᠠᠭᠤᠳᠬᠠᠨ ᠪᠤᠴᠠᠭᠠᠬᠤ ᠭᠠᠶᠢᠯᠢ ᠶᠢ 1420 ᠳ᠋ᠦᠩᠰᠢᠭᠤᠷ | ᠲᠥᠭᠦᠷᠢᠭ ᠨᠡᠮᠡᠭᠳᠡᠭᠦᠯᠦᠨ᠎ᠡ᠃ | ᠡᠳᠡᠭᠡᠷ ᠵᠣᠭᠤᠰ ᠢ ᠴᠢᠮ᠎ᠠ ᠳᠤ ᠣᠯᠭᠤᠨ᠎ᠠ ︱ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ | ᠪᠠᠶᠢᠷᠢ ᠥᠷᠭᠡᠳᠬᠡᠭᠰᠡᠨ ᠨᠥᠬᠦᠪᠦᠷᠢ | ● ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ | ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ ᠂ ᠪᠤᠴᠠᠭᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ | ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ | 30% ᠪᠠᠶᠢᠭᠰᠠᠨ ᠠᠴᠠ 50% ᠪᠣᠯᠭᠠᠨ ᠳᠡᠭᠡᠭᠰᠢᠯᠡᠭᠦᠯᠦᠨ᠎ᠡ᠃ | ● ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠨᠥᠬᠦᠪᠦᠷᠢ ᠶᠢᠨ ᠠᠰᠢᠭ ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠦᠷᠲᠡᠭᠡᠵᠦ ᠪᠠᠶᠢᠭᠰᠠᠨ ᠠᠴᠠ ᠬᠢᠵᠢᠭ ᠤᠨ | ᠪᠠᠶᠢᠳᠠᠯ ᠤᠨ ᠬᠦᠨᠳᠦ ᠨᠣᠴᠢᠲᠠᠢ ᠨᠥᠯᠥᠭᠡ ᠠᠴᠠ ᠪᠣᠯᠵᠤ ᠲᠦᠷ ᠴᠠᠭ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠡᠵᠡᠩᠨᠡᠬᠦ ᠶᠢᠨ ᠠᠷᠭ᠎ᠠ ᠦᠭᠡᠢ ᠪᠣᠯᠤᠭᠰᠠᠨ ᠳᠠᠭᠠᠳᠬᠠᠯ ᠳᠤ ᠣᠷᠣᠯᠴᠠᠭᠰᠠᠨ ᠪᠤᠢ ᠪᠦᠬᠦᠢ ᠠᠵᠤ ᠠᠬᠤᠶᠢᠯᠠᠯ ᠬᠦᠷᠲᠡᠯ᠎ᠡ | ᠥᠷᠭᠡᠳᠬᠡᠨ᠎ᠡ᠃ | ● ᠠᠵᠤ ᠠᠬᠤᠶᠢᠯᠠᠯ ᠠᠴᠠ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠪᠣᠯ ᠂ | ᠬᠥᠮᠥᠨ ᠪᠦᠷᠢ ᠳᠤ 1500 ᠲᠥᠭᠦᠷᠢᠭ ᠠᠴᠠ ᠥᠯᠥ ᠬᠡᠲᠦᠷᠡᠭᠦᠯᠬᠦ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ ᠣᠯᠭᠤᠵᠤ ᠪᠣᠯᠣᠨ᠎ᠠ᠃ ᠪᠣᠳᠠᠲᠠᠢ ᠨᠥᠬᠦᠪᠦᠷᠢ ᠶᠢᠨ | ᠪᠠᠷᠢᠮᠵᠢᠶ᠎ᠠ ᠶᠢ ᠡᠯ᠎ᠡ ᠮᠤᠵᠢ ᠣᠷᠣᠨ ᠲᠣᠭᠲᠠᠭᠠᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢ ᠰᠢᠩᠭᠡᠬᠡᠨ ᠠᠪᠤᠭᠰᠠᠨ ᠨᠥᠬᠦᠪᠦᠷᠢ ᠯᠦᠭᠡ ᠳᠠᠪᠬᠤᠷᠳᠠᠭᠤᠯᠤᠨ ᠬᠦᠷᠲᠡᠭᠡᠬᠦ ᠦᠭᠡᠢ᠂ ᠲᠥᠷᠥ ᠶᠢᠨ ᠪᠣᠳᠣᠯᠭ᠎ᠠ ᠶᠢ ᠵᠢᠯ ᠤᠨ | ᠡᠴᠦᠰ ᠪᠣᠯᠲᠠᠯ᠎ᠠ ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ 100 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠲᠠᠷᠬᠠᠭᠠᠪᠠ | ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠮᠥᠨ ᠯᠡ ᠥᠨᠳᠥᠷ ᠲᠦᠪᠰᠢᠨ ᠳᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠡᠮᠦᠨᠡᠬᠢ ᠬᠤᠭᠤᠴᠠᠭᠠᠨ ᠳᠤ ᠨᠢᠭᠡᠨᠲᠡ 200 ᠳ᠋ᠦᠩᠰᠢᠭᠤᠷ | ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠥᠭᠭᠦᠭᠰᠡᠨ ᠰᠠᠭᠤᠷᠢᠨ ᠳᠡᠭᠡᠷ᠎ᠡ᠂ ᠬᠤᠶᠠᠳᠤᠭᠠᠷ ᠪᠦᠯᠦᠭ 100 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠨᠥᠬᠦᠪᠦᠷᠢ ᠶᠢ ᠴᠠᠭ ᠲᠤᠬᠠᠢ ᠳᠤ ᠨᠢ ᠲᠠᠷᠬᠠᠭᠠᠵᠤ᠂ ᠥᠪᠡᠷ ᠤᠨ ᠦᠷᠳᠡᠭ ᠥᠰᠦᠭᠰᠡᠨ ᠠᠴᠠ ᠪᠣᠯᠵᠤ ᠠᠮᠤ ᠪᠤᠳᠠᠭ᠎ᠠ ᠲᠠᠷᠢᠬᠤ ᠠᠰᠢᠭ ᠣᠷᠣᠯᠭ᠎ᠠ ᠪᠠᠭᠤᠷᠠᠭᠰᠠᠨ ᠢ ᠨᠥᠬᠦᠪᠦᠷᠢᠯᠡᠪᠡ᠃ | 1547 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ | ● ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ 1547 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠲᠡᠭᠡᠬᠦ ᠲᠣᠭᠲᠠᠴᠠ ᠪᠠᠷ ᠳᠠᠮᠵᠢᠭᠤᠯᠤᠨ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ | ᠲᠤᠬᠠᠢ ᠳᠤ ᠨᠢ ᠲᠤᠭ᠎ᠠ ᠶᠣᠰᠣᠭᠠᠷ ᠨᠢ ᠣᠯᠭᠤᠨ᠎ᠠ᠃ | ● ᠭᠠᠮᠰᠢᠭᠳᠠᠭᠰᠠᠨ ᠬᠥᠮᠥᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠪᠤᠷᠠᠨ ᠲᠤᠰᠠᠯᠠᠵᠤ ᠪᠠᠲᠤᠯᠠᠬᠤ ᠴᠢᠬᠤᠯᠠᠲᠠᠢ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠠᠵᠢᠯ ᠢ ᠣᠨᠣᠪᠴᠢᠲᠠᠢ | ᠰᠠᠶᠢᠲᠤᠷ ᠬᠢᠵᠦ᠂ ᠲᠦᠷ | ᠴᠠᠭ ᠤᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠨ᠎ᠡ ᠃ | ᠡᠳᠡᠭᠡᠷ ᠵᠣᠭᠤᠰ ᠢ ᠬᠤᠶᠢᠰᠢᠯᠠᠭᠤᠯᠵᠤ ᠪᠣᠯᠣᠨ᠎ᠠ ︱ | ᠨᠡᠶᠢᠭᠡᠮ ᠤᠨ ᠳᠠᠭᠠᠳᠬᠠᠯ ᠤᠨ ᠵᠠᠷᠤᠳᠠᠯ | ● ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ | ᠬᠢᠵᠢᠭ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠤᠢ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ | ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠡᠰᠡᠭ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ | ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠱᠠᠲᠤᠴᠢ ᠴᠢᠨᠠᠷᠲᠠᠢ ᠪᠠᠷ ᠡᠨᠡ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃ | ● ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ ᠲᠥᠷᠥᠯ ᠳᠤ | ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ | ᠳᠠᠭᠠᠷᠢᠯᠲᠠ ᠳᠤ ᠤᠴᠠᠷᠠᠭᠰᠠᠨ᠂ ᠠᠵᠢᠯ ᠲᠦᠷᠦᠯ ᠤᠨ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯᠲᠡᠢ ᠪᠣᠯᠤᠭᠰᠠᠨ᠂ ᠤᠯᠤᠰ ᠤᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ | ᠤᠳᠤᠷᠢᠳᠤᠮᠵᠢ ᠳᠤ ᠨᠡᠶᠢᠴᠡᠭᠰᠡᠨ ᠪᠤᠰᠤᠳ ᠣᠨᠴᠠ ᠬᠦᠴᠢᠷᠳᠡᠯᠲᠡᠢ ᠠᠵᠢᠯ ᠲᠦᠷᠦᠯ ᠳᠤ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠥᠷᠭᠡᠳᠬᠡᠨ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠱᠠᠲᠤᠴᠢ ᠴᠢᠨᠠᠷᠲᠠᠢ ᠪᠠᠷ ᠡᠨᠡ ᠵᠢᠯ ᠤᠨ ᠡᠴᠦᠰ ᠪᠣᠯᠲᠠᠯ᠎ᠠ ᠤᠷᠲᠤᠳᠬᠠᠨ᠎ᠠ᠃ | ᠬᠤᠪᠢ ᠬᠥᠮᠥᠨ ᠤ ᠣᠷᠣᠨ ᠰᠠᠭᠤᠴᠠ ᠬᠢᠭᠡᠳ ᠬᠡᠷᠡᠭᠯᠡᠭᠡ ᠶᠢᠨ ᠵᠢᠭᠡᠯᠡᠯᠭᠡ ᠵᠡᠷᠭᠡ | ● ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠠᠷᠠᠭᠠᠨ ᠤ ᠲᠡᠷᠭᠡᠨ ᠵᠢᠯᠣᠭᠤᠴᠢ ᠶᠢᠨ ᠵᠢᠭᠡᠯᠡᠯᠭᠡ ᠵᠢᠴᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠤᠪᠢ | ᠬᠥᠮᠥᠨ ᠤ ᠣᠷᠣᠨ ᠰᠠᠭᠤᠴᠠ ᠪᠣᠯᠣᠨ ᠬᠡᠷᠡᠭᠯᠡᠭᠡ ᠶᠢᠨ ᠵᠢᠭᠡᠯᠡᠯᠭᠡ ᠵᠡᠷᠭᠡ ᠳᠤ ᠬᠤᠭᠤᠴᠠᠭ᠎ᠠ ᠶᠢ ᠨᠢ ᠬᠤᠶᠢᠰᠢᠯᠠᠭᠤᠯᠤᠨ ᠡᠬᠡ ᠬᠦᠦ ᠶᠢ ᠨᠢ ᠪᠤᠴᠠᠭᠠᠬᠤ ᠶᠢ ᠵᠣᠷᠢᠭᠵᠢᠭᠤᠯᠤᠨ᠎ᠠ ᠃ | ● ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠦᠷᠭᠦᠯᠵᠢᠯᠡᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ︵ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠡᠵᠡᠨ ᠪᠠᠭᠲᠠᠨ᠎ᠠ ︶ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠠᠷᠠᠭᠠᠨ ᠤ ᠲᠡᠷᠭᠡᠨ ᠵᠢᠯᠣᠭᠤᠴᠢ ᠨᠠᠷ ᠯᠤᠭ᠎ᠠ ᠪᠡᠶ᠎ᠡ ᠪᠠᠨ ᠳᠠᠭᠠᠭᠠᠨ ᠵᠥᠪᠳᠡᠯᠴᠡᠵᠦ᠂ ᠲᠡᠳᠡᠨ ᠤ ᠵᠢᠭᠡᠯᠡᠯᠭᠡ ᠪᠠᠨ ᠬᠤᠶᠢᠰᠢᠯᠠᠭᠤᠯᠤᠨ | ᠡᠬᠡ ᠬᠦᠦ ᠶᠢ ᠨᠢ ᠪᠤᠴᠠᠭᠠᠵᠤ᠂ ᠬᠤᠶᠢᠰᠢᠯᠠᠭᠤᠯᠪᠠᠯ ᠵᠣᠬᠢᠬᠤ ᠶᠢ ᠨᠢ ᠪᠦᠬᠦᠨ ᠢ ᠬᠤᠶᠢᠰᠢᠯᠠᠭᠤᠯᠬᠤ ᠪᠠᠷ ᠴᠢᠷᠮᠠᠶᠢᠵᠤ᠂ ᠲᠤᠰ ᠤᠳᠠᠭᠠᠨ ᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ | 2022 ᠣᠨ ᠤ ᠰᠡᠭᠦᠯᠴᠢ ᠠᠴᠠ ᠬᠡᠲᠦᠷᠡᠭᠦᠯᠬᠦ ᠦᠭᠡᠢ᠃ | ● ᠲᠥᠪ ᠤᠨ ᠮᠠᠰᠢᠨ ᠲᠡᠷᠭᠡᠨ ᠤ ᠠᠵᠤ ᠠᠬᠤᠶᠢᠯᠠᠯ ᠳᠤ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠰᠠᠯᠪᠤᠷᠢ ᠠᠵᠤ ᠠᠬᠤᠶᠢᠯᠠᠯ ᠤᠳ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ | 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠲᠠᠯᠪᠢᠭᠰᠠᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ ᠲᠡᠷᠭᠡ ᠶᠢᠨ ᠬᠡᠷᠡᠭᠯᠡᠭᠡ ᠶᠢᠨ ᠵᠢᠭᠡᠯᠡᠯᠭᠡ ᠳᠤ 6 ᠰᠠᠷ᠎ᠠ ᠬᠤᠶᠢᠰᠢᠯᠠᠭᠤᠯᠤᠨ ᠡᠬᠡ ᠬᠦᠦ ᠶᠢ ᠨᠢ ᠪᠤᠴᠠᠭᠠᠬᠤ ᠳᠡᠮᠵᠢᠯᠭᠡ ᠦᠵᠡᠭᠦᠯᠦᠨ᠎ᠡ᠃ | ● ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠤᠶᠤ ᠲᠤᠰᠠᠭᠠᠷᠯᠠᠭᠳᠠᠭᠰᠠᠨ ᠂ ᠬᠢᠵᠢᠭ ᠤᠨ ᠪᠠᠶᠢᠳᠠᠯ ᠤᠨ ᠨᠥᠯᠥᠭᠡ ᠪᠠᠷ ᠲᠤᠰᠠᠭᠠᠷᠯᠠᠨ | ᠠᠵᠢᠭᠯᠠᠭᠳᠠᠭᠰᠠᠨ ᠪᠤᠶᠤ ᠣᠷᠣᠯᠭ᠎ᠠ ᠶᠢᠨ ᠢᠷᠡᠯᠲᠡ ᠪᠠᠨ ᠠᠯᠳᠠᠭᠰᠠᠨ ᠬᠥᠮᠥᠰ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠡᠭᠦᠨ ᠤ ᠦᠷᠭᠦᠯᠵᠢᠯᠡᠨ ᠣᠷᠣᠰᠢᠵᠤ ᠪᠠᠶᠢᠭ᠎ᠠ ᠬᠤᠪᠢ ᠬᠥᠮᠥᠨ ᠤ ᠣᠷᠣᠨ ᠰᠠᠭᠤᠴᠠ᠂ ᠬᠡᠷᠡᠭᠯᠡᠭᠡ | ᠵᠡᠷᠭᠡ ᠵᠢᠭᠡᠯᠡᠯᠭᠡ ᠳᠤ ᠵᠣᠭᠤᠰ ᠪᠤᠴᠠᠭᠠᠬᠤ ᠴᠠᠭ ᠢ ᠨᠢ ᠵᠣᠬᠢᠰᠲᠠᠢ ᠬᠤᠶᠢᠰᠢᠯᠠᠭᠤᠯᠬᠤ ᠂ ᠵᠢᠭᠡᠯᠡᠯᠭᠡ ᠶᠢᠨ ᠬᠤᠭᠤᠴᠠᠭ᠎ᠠ ᠶᠢ ᠨᠢ ᠤᠷᠲᠤᠳᠬᠠᠬᠤ᠂ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠬᠤ ᠵᠡᠷᠭᠡ ᠠᠷᠭ᠎ᠠ ᠶᠢ ᠠᠮᠢᠳᠤᠯᠢᠭ ᠢᠶᠠᠷ | ᠬᠡᠷᠡᠭᠯᠡᠨ ᠵᠣᠭᠤᠰ ᠪᠤᠴᠠᠭᠠᠬᠤ ᠲᠥᠯᠥᠪᠯᠡᠭᠡ ᠳᠤ ᠲᠣᠬᠢᠷᠠᠭᠤᠯᠤᠯᠲᠠ ᠬᠢᠨ᠎ᠡ᠃ | ● ᠬᠤᠭᠤᠴᠠᠭ᠎ᠠ ᠤᠷᠲᠤᠳᠬᠠᠭᠰᠠᠨ ᠵᠢᠭᠡᠯᠡᠯᠭᠡ ᠳᠤ ᠮᠥᠨ ᠴᠢᠨᠠᠷ ᠤᠨ ᠠᠶᠤᠯ ᠲᠦᠭᠰᠢᠭᠦᠷᠢ ᠶᠢᠨ ᠮᠠᠭᠠᠳᠯᠠᠯᠲᠠ ᠬᠢᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠡᠯᠧᠮᠧᠨ᠋ᠲ ᠠᠴᠠ ᠪᠣᠯᠵᠤ ᠵᠢᠭᠡᠯᠡᠯᠭᠡ ᠶᠢᠨ ᠠᠶᠤᠯ | ᠲᠦᠭᠰᠢᠭᠦᠷᠢ ᠶᠢᠨ ᠠᠩᠭᠢᠯᠠᠯ ᠢ ᠠᠰ ᠲᠤ ᠨᠢ ᠪᠠᠭᠤᠷᠠᠭᠤᠯᠬᠤ ᠦᠭᠡᠢ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ ᠢ ᠨᠥᠯᠥᠭᠡᠯᠡᠬᠦ ᠦᠭᠡᠢ ᠪᠥᠭᠡᠳ ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠶᠢ ᠬᠡᠯᠲᠦᠷᠢᠭᠦᠯᠦᠨ᠎ᠡ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ● ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠤᠶᠢᠰᠢᠯᠠᠭᠤᠯᠤᠨ ᠲᠤᠰᠢᠶᠠᠯᠭᠠᠬᠤ ᠪᠠᠷ ᠭᠤᠶᠤᠴᠢᠯᠠᠵᠤ | ᠪᠣᠯᠣᠨ᠎ᠠ᠂ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠨᠥᠬᠦᠵᠦ ᠲᠤᠰᠢᠶᠠᠯᠭᠠᠨ᠎ᠠ ᠃ | ● ᠡᠨᠡ ᠬᠦ ᠬᠤᠭᠤᠴᠠᠭᠠᠨ ᠳᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠪ ᠤᠨ ᠶᠣᠰᠣᠭᠠᠷ ᠭᠠᠷᠭᠠᠨ ᠠᠪᠬᠤ ᠪᠠ | ᠭᠤᠶᠤᠴᠢᠯᠠᠵᠤ᠂ ᠬᠤᠶᠢᠰᠢᠯᠠᠭᠤᠯᠤᠨ ᠲᠤᠰᠢᠶᠠᠭᠰᠠᠨ ᠨᠥᠯᠥᠭᠡ ᠶᠢ ᠬᠦᠷᠲᠡᠬᠦ ᠦᠭᠡᠢ ᠃ | ● ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠤᠰᠢᠶᠠᠨ ᠬᠠᠳᠠᠭᠠᠯᠠᠭᠤᠯᠤᠭᠴᠢ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠬᠡᠪ ᠤᠨ ᠪᠠᠶᠢᠳᠠᠯ ᠢᠶᠠᠷ ᠪᠤᠴᠠᠭᠠᠵᠤ ᠳᠡᠶᠢᠯᠬᠦ | ᠦᠭᠡᠢ ᠪᠣᠯ ᠬᠤᠭᠤᠴᠠᠭ᠎ᠠ ᠬᠡᠲᠦᠷᠡᠭᠦᠯᠦᠭᠰᠡᠨ ᠳᠤ ᠲᠣᠭᠠᠴᠠᠬᠤ ᠦᠭᠡᠢ ᠂ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠦᠭᠡᠢ᠃ | ● ᠡᠯ᠎ᠡ ᠭᠠᠵᠠᠷ ᠣᠷᠣᠨ ᠤ ᠬᠢᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠡᠷ ᠤᠨ ᠲᠦᠷᠢᠶᠡᠰᠦ ᠪᠠᠷ ᠲᠤᠰᠢᠶᠠᠬᠤ | ᠭᠠᠷᠭᠠᠨ ᠠᠪᠬᠤ | ᠲᠤᠭ᠎ᠠ ᠶᠢ ᠳᠡᠭᠡᠭᠰᠢᠯᠡᠭᠦᠯᠵᠦ᠂ ᠪᠣᠳᠠᠲᠠᠢ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ ᠃ | ᠡᠳᠡᠭᠡᠷ ᠵᠣᠭᠤᠰ ᠢ ᠬᠠᠰᠤᠵᠤ ᠬᠡᠯᠲᠦᠷᠢᠭᠦᠯᠵᠦ ᠪᠣᠯᠣᠨ᠎ᠠ ︱ | ᠭᠡᠷ ᠪᠠᠶᠢᠰᠢᠩ ᠤᠨ ᠲᠦᠷᠢᠶᠡᠰᠦᠨ ᠮᠥᠩᠭᠦ | ● 2022 ᠣᠨ ᠳᠤ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠯᠡᠭᠰᠡᠨ ᠤᠯᠤᠰ ᠤᠨ ᠥᠮᠴᠢᠯᠡᠯᠲᠦ ᠭᠡᠷ ᠪᠠᠶᠢᠰᠢᠩ ᠠᠴᠠ 3 | ︱6 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ︔ ᠲᠦᠷᠢᠶᠡᠰᠦᠯᠡᠭᠦᠯᠦᠭᠴᠢ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠪᠣᠯ ᠲᠣᠭᠲᠠᠭᠠᠯ ᠶᠣᠰᠣᠭᠠᠷ ᠲᠣᠰ ᠵᠢᠯ ᠤᠨ ᠭᠡᠷ ᠬᠥᠷᠥᠩᠭᠡ ᠶᠢᠨ ᠭᠠᠶᠢᠯᠢ | ᠂ ᠬᠤᠲᠠ ᠪᠠᠯᠭᠠᠰᠤ ᠶᠢᠨ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠶᠢ ᠨᠢ ᠬᠠᠰᠤᠵᠤ ᠬᠡᠯᠲᠦᠷᠢᠭᠦᠯᠬᠦ ᠶᠢᠨ ᠬᠠᠮᠲᠤ᠂ ᠤᠯᠤᠰ ᠤᠨ ᠥᠮᠴᠢᠯᠡᠯᠲᠦ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠦᠭᠰᠡᠨ ᠲᠦᠷᠢᠶᠡᠰᠦᠯᠡᠭᠦᠯᠦᠭᠴᠢ ᠳᠤ ᠬᠡᠷᠡᠭᠴᠡᠭᠡ ᠶᠢ ᠨᠢ ᠦᠨᠳᠦᠰᠦᠯᠡᠨ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠪᠠᠷ ᠵᠢᠭᠡᠯᠡᠯᠭᠡ ᠳᠠᠨᠵᠢᠯᠠᠬᠤ ᠵᠡᠷᠭᠡ ᠳᠡᠮᠵᠢᠯᠭᠡ ᠦᠵᠡᠭᠦᠯᠦᠨ᠎ᠡ᠃ | ● ᠤᠯᠤᠰ ᠤᠨ ᠥᠮᠴᠢᠯᠡᠯᠲᠦ ᠪᠤᠰᠤ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠪᠣᠯ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠠᠳᠠᠯᠢᠬᠠᠨ ᠬᠦᠷᠲᠡᠵᠦ ᠪᠣᠯᠣᠨ᠎ᠠ᠃ | | ● ᠡᠯ᠎ᠡ ᠭᠠᠵᠠᠷ ᠣᠷᠣᠨ ᠤ ᠬᠢᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ ᠃ | ᠡᠳᠡᠭᠡᠷ ᠵᠣᠭᠤᠰ ᠢ ᠪᠠᠭᠤᠷᠠᠭᠤᠯᠬᠤ ᠪᠠᠷ ᠪᠣᠢ ︱ | ᠤᠰᠤ ᠴᠠᠬᠢᠯᠭᠠᠨ ᠰᠦᠯᠵᠢᠶ᠎ᠡ ᠬᠡᠷᠡᠭᠯᠡᠬᠦ ᠵᠡᠷᠭᠡ ᠶᠢᠨ ᠥᠪᠡᠷ ᠤᠨ ᠦᠷᠲᠡᠭ | ● ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠳᠤ ︽ ᠰᠦᠢᠳᠬᠡᠯ ᠥᠷᠢᠲᠦᠪᠡᠴᠦ ᠬᠠᠩᠭᠠᠯᠭ᠎ᠠ ᠶᠢ ᠵᠣᠭᠰᠣᠭᠠᠬᠤ ᠦᠭᠡᠢ ︾ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠢᠳᠬᠡᠯ | ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 6 ᠰᠠᠷ᠎ᠠ ᠪᠣᠯᠭᠠᠨ ᠲᠣᠭᠲᠠᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠴᠢᠨᠠᠭᠰᠢᠳᠠ ᠤᠷᠲᠤᠳᠬᠠᠵᠤ᠂ ᠬᠤᠶᠢᠰᠢᠯᠠᠭᠤᠯᠤᠨ ᠲᠤᠰᠢᠶᠠᠬᠤ | ᠬᠤᠭᠤᠴᠠᠭᠠᠨ ᠳᠤ ᠰᠦᠢᠳᠬᠡᠯ ᠥᠷᠢᠲᠦᠵᠦ ᠬᠤᠭᠤᠴᠠᠭ᠎ᠠ ᠰᠠᠭᠠᠲᠠᠭᠤᠯᠤᠭᠰᠠᠨ ᠮᠥᠩᠭᠦ ᠬᠤᠷᠢᠶᠠᠬᠤ ᠠᠴᠠ ᠬᠡᠯᠲᠦᠷᠢᠭᠦᠯᠵᠦ ᠪᠣᠯᠣᠨ᠎ᠠ᠃ | ● ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠬᠡᠢ ᠵᠡᠷᠭᠡ ᠶᠢᠨ ᠵᠠᠷᠤᠳᠠᠯ ᠳᠤ ᠨᠥᠬᠦᠪᠦᠷᠢ | ᠣᠯᠭᠤᠨ᠎ᠠ᠃ ᠬᠤᠳᠠ ᠪᠠᠯᠭᠠᠰᠤᠨ ᠤ ᠤᠰᠤ ᠴᠠᠬᠢᠯᠭᠠᠨ ᠬᠡᠢ ᠢᠯᠴᠢ ᠬᠠᠩᠭᠠᠬᠤ ᠵᠡᠷᠭᠡ ᠠᠵᠢᠯ ᠲᠦᠷᠦᠯ ᠤᠨ ᠬᠤᠷᠢᠶᠠᠬᠤ ᠰᠦᠢᠳᠬᠡᠯ ᠢ ᠢᠯᠭᠠᠷᠠᠭᠤᠯᠤᠨ ᠵᠢᠷᠤᠮᠵᠢᠭᠤᠯᠵᠤ᠂ ᠵᠣᠬᠢᠰ ᠦᠭᠡᠢ ᠰᠦᠢᠳᠬᠡᠯ ᠢ ᠬᠦᠴᠦᠨ ᠦᠭᠡᠢ ᠪᠣᠯᠭᠠᠵᠤ᠂ | ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠠ ᠡᠵᠡᠩᠨᠡᠭᠴᠢ ᠶᠢᠨ ᠦᠨ᠎ᠡ ᠬᠠᠩᠰᠢ ᠪᠠᠷ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠦᠯᠡᠳᠡᠭᠡᠭᠰᠡᠨ ᠰᠦᠢᠳᠬᠡᠯ ᠬᠤᠷᠢᠶᠠᠬᠤ ᠵᠦᠢᠯᠡᠰ ᠲᠤ ᠨᠠᠷᠢᠨ ᠬᠠᠭᠤᠳᠠᠰᠤ ᠶᠢᠨ | ᠳᠦᠷᠢᠮ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ ᠃ | ● 2022 ᠣᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ ᠳᠠᠬᠢᠨᠲᠠ 10% ᠪᠠᠷ ᠪᠠᠭᠤᠷᠠᠭᠤᠯᠤᠨ᠎ᠠ᠃ | ● ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠤ ᠪᠠᠲᠤᠯᠠᠭ᠎ᠠ ᠶᠢᠨ ᠪᠢᠴᠢᠭ ︵ᠳᠠᠭᠠᠳᠬᠠᠯ︶ ᠢᠶᠠᠷ ᠪᠡᠯᠡᠨ ᠵᠣᠭᠤᠰ ᠢ ᠣᠷᠣᠯᠠᠭᠤᠯᠤᠨ ᠳᠠᠭᠠᠭᠠᠴᠢᠯᠠᠯᠲᠠ ᠬᠦᠯᠢᠶᠡᠬᠦ᠂ ᠭᠡᠷ᠎ᠡ ᠭᠦᠢᠴᠡᠳᠬᠡᠬᠦ᠂ | ᠪᠠᠷᠢᠯᠭ᠎ᠠ ᠶᠢᠨ ᠶᠠᠰᠤ ᠴᠢᠨᠠᠷ ᠵᠡᠷᠭᠡ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠭᠴᠢ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠭᠴᠢ ᠶᠢᠨ | ᠳᠠᠭᠠᠭᠠᠴᠢᠯᠠᠯᠲᠠ ᠬᠦᠯᠢᠶᠡᠬᠦ ᠳᠠᠭᠠᠭᠠᠯᠲᠠ ᠶᠢ ᠬᠡᠯᠲᠦᠷᠢᠭᠦᠯᠬᠦ ᠶᠢ ᠵᠣᠷᠢᠭᠵᠢᠭᠤᠯᠤᠨ᠎ᠠ᠃ | ᠡᠳᠡᠭᠡᠷ ᠶᠠᠪᠤᠳᠠᠯ ᠳᠤ ᠵᠣᠭᠤᠰ ᠵᠠᠷᠤᠴᠠᠭᠤᠯᠬᠤ ᠦᠭᠡᠢ ︱ | ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ᠂ ᠲᠦᠷᠭᠡᠨ ᠬᠦᠷᠭᠡᠭᠴᠢ᠂ ᠣᠩᠭᠤᠴᠠᠴᠢᠨ ᠣᠨᠳᠣᠣ ᠭᠠᠵᠠᠷ ᠤᠨ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠨ ᠬᠡᠮᠵᠢᠬᠦ ᠴᠡᠭ ᠲᠤ ᠬᠦᠷᠴᠦ ᠪᠥᠭᠡᠮ ᠬᠦᠴᠢᠯ ᠪᠠ | ᠠᠨᠲ᠋ᠢᠭᠧᠡ ᠪᠠᠶᠢᠴᠠᠭᠠᠯᠭᠠᠬᠤ ᠳᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠪᠠᠷ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠠᠳᠠᠯᠢ ᠲᠥᠷᠥ ᠶᠢᠨ ᠪᠣᠳᠣᠯᠭ᠎ᠠ ᠶᠢ | ᠬᠦᠷᠲᠡᠭᠡᠵᠦ᠂ ᠬᠡᠷᠡᠭᠰᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠪᠠᠲᠤᠯᠠᠨ᠎ᠠ᠃ | | | | | |