ᠠᠯᠳᠠᠩᠭᠤᠤᠯ ᠤᠨ ᠤᠳᠬ᠎ᠠ ᠲᠡᠬᠦᠯᠳᠡᠷ ᠤᠨ ᠠᠵᠢᠯᠯᠠᠭ᠎ᠠ | | 2022 ᠣᠨ ᠤ 7 ᠰᠠᠷ᠎ᠠ ᠶᠢᠨ 10 ᠤ ᠡᠳᠦᠷ ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠦ ᠶᠢᠨ | ᠭᠤᠣᠯ ᠪᠠᠯᠭᠠᠰᠤᠨ ᠤ ᠠᠯᠲᠠᠩᠭᠤᠣᠯ ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠠᠯ ᠪᠠ ᠨᠢᠭᠡᠳᠦᠭᠡᠷ | ᠱᠦᠵᠢ ᠠᠴᠠ ᠰᠠᠨᠠᠭᠠᠴᠢᠯᠠᠨ ᠵᠣᠬᠢᠶᠠᠨ ᠪᠠᠶᠢᠭᠤᠯᠤᠭᠰᠠᠨ ᠠᠯᠲᠠᠩᠭᠤᠣᠯ ᠭᠠᠴᠠᠭᠠᠨ ᠳᠤ ᠲᠦᠷᠦᠵᠦ ᠦᠰᠦᠭᠡᠳ | ᠠᠯᠪᠠᠨ ᠪᠠᠶᠢᠭᠤᠯᠭ᠎ᠠ ᠠᠴᠠ ᠠᠵᠢᠯ ᠤᠨ ᠠᠮᠠᠷᠠᠯᠲᠠ ᠪᠠᠨ ᠠᠪᠤᠭᠰᠠᠨ ᠠᠬᠠᠮᠠᠳ ᠺᠠᠲᠠᠷ᠂ ᠪᠠᠭᠰᠢ ᠠᠵᠢᠯᠲᠠᠨ ᠪᠠ ᠣᠳᠣ | ᠴᠦ ᠭᠡᠰᠡᠨ ᠠᠵᠢᠯ ᠤᠨ ᠪᠠᠶᠢᠷᠢ ᠳᠤ ᠪᠠᠨ ᠭᠢᠯᠠᠷᠠᠭᠤᠯᠵᠦ ᠶᠠᠪᠤᠭ᠎ᠠ ᠵᠠᠯᠠᠭᠤ ᠺᠠᠲᠠᠷ ᠣᠳᠣᠷᠢᠳᠣᠯᠭ᠎ᠠ᠂ ᠪᠠᠭᠰᠢ | ᠠᠵᠢᠯᠲᠠᠨ ᠢᠶᠠᠨ ᠣᠷᠢᠨ ᠵᠠᠯᠠᠭᠰᠠᠨ ᠰᠠᠭᠤᠳᠠᠯ ᠤᠨ ᠬᠤᠷᠠᠯ ᠨᠢ ᠠᠯᠲᠠᠩᠭᠤᠣᠯ ᠭᠠᠴᠠᠭᠠᠨ ᠤ ᠠᠯᠪᠠᠨ ᠭᠡᠷ ᠲᠤ ᠣᠯᠠᠨ | ᠰᠠᠶᠢᠬᠠᠨ ᠠᠭᠤᠯᠭ᠎ᠠ ᠲᠠᠢ ᠬᠦᠷ ᠬᠦᠭᠵᠢᠶᠡᠨ ᠲᠠᠢ ᠶᠠᠪᠤᠭᠳᠠᠪᠠ᠃ | ᠠᠵᠢᠯᠯᠠᠭᠠᠨ ᠳᠤ ᠠᠬᠠᠮᠠᠳ ᠺᠠᠲᠠᠷᠴᠣᠳ ᠨᠢ ᠵᠠᠯᠠᠭᠤ ᠨᠢᠭᠡ ᠦᠶ᠎ᠡ ᠶᠢᠨ ᠬᠢᠨ ᠳᠤ ᠪᠠᠨ ᠰᠠᠨᠠᠯ | ᠰᠠᠨᠠᠭᠤᠯᠤᠮᠵᠢ ᠪᠠᠨ ᠳᠣᠷᠠᠳᠴᠦ᠂ ᠢᠳᠡᠬᠡᠯ ᠨᠠᠶᠢᠳᠠᠯᠭ᠎ᠠ ᠪᠠᠨ ᠲᠠᠯᠪᠢᠨ᠂ ᠠᠬᠠᠮᠠᠳ ᠵᠣᠬᠢᠶᠠᠯᠴᠢ ᠳᠣᠷᠵᠢ | ᠭᠤᠸᠠᠢ ᠠᠴᠠ ᠦᠪᠡᠷ ᠤᠨ ᠪᠢᠴᠢᠭᠰᠡᠨ ᠣᠯᠠᠨ ᠰᠠᠶᠢᠬᠠᠨ ᠨᠣᠮ ᠢᠶᠠᠨ ᠭᠠᠴᠠᠭᠠᠨ ᠤ ᠡᠭᠦᠷ ᠵᠦᠪᠯᠡᠯ ᠳᠤ ᠪᠠᠨ ᠬᠦᠷᠭᠡᠨ | ᠂ ᠠᠬᠠᠮᠠᠳ ᠵᠠᠯᠠᠭᠤ ᠺᠠᠲᠠᠷᠴᠣᠳ᠂ ᠪᠠᠭᠰᠢ ᠠᠵᠢᠯᠲᠠᠳ ᠠᠴᠠ ᠭᠠᠴᠠᠭᠠᠨ ᠤ ᠪᠠᠨ ᠬᠦᠴᠢᠷᠳᠡᠯ ᠲᠠᠢ ᠡᠷᠦᠬᠡ ᠪᠣᠶᠣ | ᠬᠤᠶᠢᠴᠢ ᠦᠶ᠎ᠡ ᠶᠢ ᠬᠠᠯᠠᠮᠵᠢᠯᠠᠬᠤ ᠰᠠᠭᠤᠷᠢ ᠮᠦᠩᠭᠦᠨ ᠤ ᠨᠡᠶᠢᠭᠡᠮᠯᠢᠭ ᠲᠤ ᠬᠠᠨᠳᠢᠪ ᠡᠷᠭᠦᠨ ᠨᠤᠲᠤᠭ ᠤᠨ | ᠮᠠᠯᠴᠢᠳ ᠠᠴᠠ ᠭᠠᠴᠠᠭᠠᠨ ᠤ ᠪᠠᠨ ᠡᠭᠦᠷ ᠵᠦᠪᠯᠡᠯ ᠳᠤ ᠴᠦ ᠰᠡᠳᠬᠢᠯ ᠢᠶᠠᠨ ᠢᠯᠡᠳᠬᠡᠭᠰᠡᠨ ᠠᠵᠢᠯᠯᠠᠭ᠎ᠠ ᠨᠤᠭᠤᠳ | ᠶᠠᠪᠤᠭᠳᠠᠯ᠎ᠠ᠃ ᠬᠤᠷᠠᠯ ᠤᠨ ᠳᠠᠷᠠᠭ᠎ᠠ ᠬᠤᠰᠢᠭᠤ ᠤᠯᠠᠭᠠᠨᠮᠦ᠋ᠴᠢᠷ ᠤᠨ ᠲᠣᠭᠯᠠᠭᠴᠢᠳ ᠠᠴᠠ ᠭᠤᠶᠢᠲᠠ ᠰᠠᠶᠢᠬᠠᠨ | ᠲᠤᠭᠯᠠᠯᠲᠠ ᠪᠠᠨ ᠬᠦᠷᠭᠡᠵᠦ ᠦᠵᠡᠭᠴᠢᠳ ᠢᠶᠠᠨ ᠪᠠᠶᠠᠰᠬᠠᠬᠤ ᠶᠢᠨ ᠵᠡᠷᠭᠡᠴᠡᠭᠡ ᠠᠯᠲᠠᠩᠭᠤᠣᠯ ᠭᠠᠴᠠᠭ᠎ᠠ ᠠᠴᠠ ᠰᠣᠶᠣᠯ | ᠲᠠᠮᠢᠷ ᠤᠨ ᠠᠵᠢᠯᠯᠠᠭ᠎ᠠ ᠦᠷᠨᠢᠭᠦᠯᠵᠦ ᠭᠠᠴᠠᠭᠠᠨ ᠤ ᠠᠷᠠᠳ᠂ ᠪᠠᠯᠭᠠᠰᠣᠨ ᠤ ᠺᠠᠲᠠᠷ ᠣᠳᠣᠷᠢᠳᠣᠯᠭ᠎ᠠ ᠶᠢᠨ ᠬᠠᠮᠲᠦ | ᠪᠦᠬᠦᠯᠢ ᠡᠳᠦᠷ ᠢ ᠡᠷᠴᠢ ᠬᠦᠴᠦ ᠲᠠᠢ ᠢᠨᠢᠶᠡᠳᠦ ᠬᠦᠷ ᠲᠠᠢ ᠦᠩᠭᠡᠷᠡᠭᠦᠯᠪᠡ᠃ |