ᠰᠢ ᠶᠢᠨ ᠫᠢᠩ ᠬᠤᠪᠧᠢ ᠮᠤᠵᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ ᠮᠠᠨ ᠤ ᠤᠯᠤᠰ ᠤᠨ | ᠬᠥᠭᠵᠢᠯᠲᠡ ᠶᠢᠨ ᠥᠪᠡᠷᠮᠢᠴᠡ ᠴᠢᠨᠠᠷ ᠪᠡᠶ᠎ᠡ ᠪᠠᠨ ᠳᠠᠭᠠᠭᠠᠬᠤ ᠴᠢᠨᠠᠷ ᠠᠮᠤᠷ ᠲᠦᠪᠰᠢᠨ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 28 ᠤ ᠡᠳᠦᠷ ᠬᠤᠪᠧᠢ ᠮᠤᠵᠢ ᠶᠢᠨ ᠦᠬᠠᠨ ᠬᠤᠳᠠ ᠳᠤ | ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠭᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠤᠯᠤᠰ ᠤᠨ ᠬᠦᠴᠦᠷᠬᠡᠭᠵᠢᠯ ᠤᠨ ᠰᠠᠭᠤᠷᠢ᠂ ᠠᠮᠤᠷ ᠲᠦᠪᠰᠢᠨ ᠤ ᠴᠢᠬᠤᠯᠠ | ᠵᠦᠢᠯ ᠪᠣᠯᠣᠨ᠎ᠠ᠃ ᠪᠢᠳᠡ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ | ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ | ᠭᠠᠷ ᠲᠠᠭᠠᠨ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠳᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠳᠡᠭᠡᠷ᠎ᠡ ᠨᠡᠩ ᠶᠡᠭᠡ ᠠᠬᠢᠴᠠ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠶᠢᠨ ᠥᠪᠡᠷᠮᠢᠴᠡ ᠴᠢᠨᠠᠷ᠂ | ᠪᠡᠶ᠎ᠡ ᠪᠠᠨ ᠳᠠᠭᠠᠭᠠᠬᠤ ᠴᠢᠨᠠᠷ᠂ ᠠᠮᠤᠷ ᠲᠦᠪᠰᠢᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠥ᠂ ᠨᠡᠩ ᠤᠯᠠᠨ ᠰᠢᠨ᠎ᠡ | ᠮᠡᠷᠭᠡᠵᠢᠯ ᠰᠢᠨ᠎ᠡ ᠠᠵᠤ ᠦᠢᠯᠡᠰ ᠢ ᠪᠤᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠤᠯᠠᠨ ᠤᠯᠤᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | 28 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠪᠧᠢ ᠮᠤᠵᠢ ᠶᠢᠨ ᠨᠠᠮ ᠤᠨ ᠬᠤᠷᠢᠶᠠᠨ ᠤ ᠱᠦᠵᠢ | ᠸᠠᠩ ᠮᠧᠩ ᠬᠤᠢ᠂ ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ ᠦᠬᠠᠨ ᠤ ᠠᠵᠤ ᠠᠬᠤᠶᠢᠯᠠᠯ᠂ | ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠦᠬᠠᠨ ᠤ ᠬᠤᠸᠠ ᠬᠦᠩ ᠯᠠᠶᠢᠰᠧᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ | ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠶᠡᠷᠦᠩᠬᠡᠶᠢᠯᠡᠭᠰᠡᠨ ᠲᠣᠮᠣ ᠠᠰᠠᠷ ᠲᠤ᠂ ᠰᠢ ᠶᠢᠨ | ᠫᠢᠩ ᠬᠤᠪᠧᠢ ᠮᠤᠵᠢ ᠶᠢᠨ ᠬᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠵᠢᠴᠢ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠴᠠᠬᠢᠮ ᠤᠨ ᠠᠵᠤ ᠦᠢᠯᠡᠰ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠣᠳᠠᠲᠠᠢ ᠪᠠᠶᠢᠴᠠᠭᠠᠨ ᠦᠵᠡᠪᠡ᠃ ᠰᠢ ᠶᠢᠨ ᠫᠢᠩ᠂ | ᠭᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠪᠣᠯ ᠬᠡᠷᠡᠭᠯᠡᠭᠡ ᠥᠷᠭᠡᠨ ᠪᠠᠶᠢᠯᠳᠤᠬᠤ ᠪᠣᠳᠣᠯᠭ᠎ᠠ ᠶᠢᠨ ᠳᠡᠭᠡᠳᠦ | ᠮᠡᠷᠭᠡᠵᠢᠯ ᠤᠨ ᠠᠵᠤ ᠦᠢᠯᠡᠰ ᠮᠥᠨ᠂ ᠪᠠᠰᠠ ᠴᠤ ᠮᠠᠨ ᠤ ᠤᠯᠤᠰ ᠤᠨ ᠤᠷᠢᠳ ᠢᠶᠠᠷ ᠰᠢᠪᠲᠤᠯᠤᠯᠲᠠ ᠭᠠᠷᠭᠠᠬᠤ | ᠨᠥᠬᠦᠴᠡᠯ ᠲᠠᠢ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠃ ᠬᠤᠪᠧᠢ ᠮᠤᠵᠢ ᠶᠢᠨ ᠦᠬᠠᠨ ᠤ ᠳ᠋ᠦᠩ ᠬᠤ᠋ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠣᠷᠣᠨ ᠨᠢ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠦᠷᠢᠶᠡᠨ ᠳᠤ | ᠥᠪᠡᠷ ᠤᠨ ᠭᠡᠰᠡᠨ ᠥᠪᠡᠷᠮᠢᠴᠡ ᠣᠨᠴᠠᠯᠢᠭ ᠲᠠᠢ ᠶᠤᠮ᠃ ᠮᠡᠷᠭᠡᠵᠢᠯ ᠤᠨ ᠰᠤᠳᠤᠯᠤᠨ ᠨᠡᠭᠡᠭᠡᠯᠲᠡ ᠶᠢᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠭᠤᠣᠯᠯᠠᠭᠴᠢ | ᠮᠡᠷᠭᠡᠵᠢᠯ ᠢ ᠨᠡᠩ ᠤᠯᠠᠨ ᠡᠵᠡᠮᠰᠢᠵᠦ᠂ ᠲᠠᠰᠤᠷᠠᠯᠳᠠ ᠦᠭᠡᠢ ᠪᠠᠷ ᠰᠢᠨ᠎ᠡ ᠶᠢ ᠡᠭᠦᠳᠬᠦ ᠬᠡᠯᠬᠢᠶ᠎ᠡ ᠶᠢ ᠤᠷᠲᠤᠳᠬᠠᠵᠤ᠂ ᠠᠵᠤ | ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ | ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠮᠠᠨ ᠤ | ᠤᠯᠤᠰ ᠤᠨ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ︽ᠪᠣᠭᠤᠮᠢ ᠪᠣᠯᠵᠤ ᠪᠠᠶᠢᠭ᠎ᠠ︾ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠢ ᠰᠢᠪᠲᠤᠯᠬᠤ ᠠᠵᠢᠯ ᠢ ᠥᠴᠥᠬᠡᠨ ᠴᠦ ᠤᠳᠠᠭᠠᠰᠢᠷᠠᠭᠤᠯᠵᠤ ᠪᠣᠯᠬᠤ ᠦᠭᠡᠢ᠂ ᠡᠷᠬᠡᠪᠰᠢ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠪᠦᠬᠦ ᠤᠯᠤᠰ ᠤᠨ ᠪᠠᠶᠢᠭᠤᠯᠤᠮᠵᠢ ᠶᠢᠨ ᠳᠠᠪᠠᠭᠤᠯᠢᠭ ᠢ | ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠱᠠᠯᠠᠮᠠᠭᠠᠶᠢᠯᠠᠨ ᠨᠡᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠤᠷᠢᠳ ᠬᠤᠵᠢᠳ ᠠᠵᠤ ᠠᠬᠤᠶᠢᠯᠠᠯ ᠤᠨ ᠯᠠᠶᠢᠰᠧᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠳᠣᠨ᠂ ᠬᠠᠭᠠᠰ ᠳᠠᠮᠵᠢᠭᠤᠯᠤᠭᠴᠢ ᠬᠠᠪᠲᠠᠰᠤ ᠶᠢᠨ ᠯᠠᠶᠢᠰᠧᠷ ᠣᠶᠤᠨᠴᠢ ᠲᠣᠨᠣᠭᠯᠠᠯ ᠤᠨ ᠦᠢᠯᠡᠳᠪᠦᠷᠢᠯᠡᠯ ᠤᠨ | ᠲᠠᠰᠤᠭ ᠲᠤ ᠬᠦᠷᠴᠦ᠂ ᠯᠠᠶᠢᠰᠧᠷ ᠮᠡᠷᠭᠡᠵᠢᠯ ᠤᠨ ᠠᠵᠤ ᠦᠢᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠣᠳᠠᠰ ᠢ ᠪᠠᠶᠢᠴᠠᠭᠠᠨ | ᠦᠵᠡᠪᠡ᠃ ᠰᠢ ᠶᠢᠨ ᠫᠢᠩ᠂ ᠳᠡᠭᠡᠳᠦ ᠲᠡᠰ ᠤᠨ ᠦᠢᠯᠡᠳᠬᠦ ᠦᠢᠯᠡᠰ ᠪᠣᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠮᠠᠨ ᠤ ᠤᠯᠤᠰ ᠤᠨ ᠦᠢᠯᠡᠳᠬᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠡᠷᠬᠡᠪᠰᠢ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠴᠢᠩᠭᠠᠳᠬᠠᠵᠤ᠂ ᠤᠯᠤᠰ ᠤᠨ ᠦᠢᠯᠡᠳᠪᠦᠷᠢᠯᠡᠯ ᠤᠨ | ᠣᠷᠣᠯᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ | ᠭᠠᠷ ᠲᠠᠭᠠᠨ ᠡᠵᠡᠮᠳᠡᠪᠡᠯ ᠤᠯᠤᠰ ᠣᠷᠣᠨ ᠰᠠᠶ᠋ᠢ ᠵᠢᠩᠬᠢᠨᠢ ᠪᠠᠷ ᠬᠦᠴᠦᠷᠬᠡᠭᠵᠢᠵᠦ ᠴᠢᠳᠠᠨ᠎ᠠ ᠭᠡᠵᠦ ᠴᠢᠬᠤᠯᠠᠴᠢᠯᠠᠪᠠ᠃ | ᠦᠢᠯᠡᠳᠪᠦᠷᠢᠯᠡᠯ ᠤᠨ ᠲᠠᠰᠤᠭ ᠤᠨ ᠠᠰᠠᠷ ᠤᠨ ᠡᠮᠦᠨ᠎ᠡ᠂ ᠰᠢ ᠶᠢᠨ ᠫᠢᠩ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠪᠣᠯ ᠳᠡᠯᠡᠬᠡᠢ ᠶᠢᠨ ᠬᠤᠶᠠᠳᠤᠭᠠᠷ ᠲᠣᠮᠣ | ᠠᠵᠤ ᠠᠬᠤᠢ ᠶᠢᠨ ᠴᠣᠭᠴᠠ ᠪᠣᠯᠣᠨ᠎ᠠ᠂ ᠭᠡᠪᠡᠴᠦ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠠᠷᠢᠮ ᠠᠵᠤ | ᠦᠢᠯᠡᠰ ᠤᠨ ᠰᠠᠭᠤᠷᠢ ᠪᠠᠰᠠ ᠲᠡᠶᠢᠮᠦ ᠪᠠᠲᠤ ᠪᠠᠬᠢ ᠪᠢᠰᠢ᠂ ᠴᠢᠨᠠᠭᠰᠢᠳᠠ ᠬᠥᠭᠵᠢᠭᠦᠯᠬᠦ ᠳᠤ ᠡᠷᠬᠡᠪᠰᠢ ᠰᠢᠨ᠎ᠡ ᠶᠢ | ᠡᠭᠦᠳᠬᠦ ᠳᠤ ᠲᠦᠰᠢᠭᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠶᠢ ᠡᠭᠦᠳᠬᠦ ᠪᠣᠯ ᠨᠢᠭᠡᠨ | ᠰᠢᠢᠳᠪᠦᠷᠢᠯᠡᠭᠴᠢ ᠴᠢᠨᠠᠷᠲᠠᠢ ᠡᠯᠧᠮᠧᠨ᠋ᠲ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠬᠡᠷᠪᠡ ᠮᠠᠨ ᠤ ᠬᠤᠳᠠ ᠨᠢᠭᠡ ᠪᠦᠷᠢ᠂ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠨᠢᠭᠡ ᠪᠦᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠠᠬᠤᠶᠢᠯᠠᠯ ᠨᠢᠭᠡ ᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠨᠢᠭᠡ ᠪᠦᠷᠢ ᠴᠥᠮ ᠤᠯᠤᠰ ᠤᠨ | ᠲᠣᠭᠲᠠᠭᠠᠭᠰᠠᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠳᠤ ᠬᠦᠷᠪᠡᠯ᠂ ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ | ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ ᠦᠶ᠎ᠡ ᠶᠢᠨ ᠬᠥᠮᠥᠰ ᠡᠷᠬᠡᠪᠰᠢ ᠡᠨᠡ ᠬᠦ ᠢᠷᠠᠭᠤ ᠠᠯᠳᠠᠷᠲᠤ ᠡᠭᠦᠷᠭᠡ ᠶᠢ | ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠳᠤ | ᠣᠷᠣᠭᠤᠯᠤᠯᠲᠠ ᠳᠤ ᠲᠦᠰᠢᠭᠯᠡᠵᠦ᠂ ᠬᠤᠶᠠᠷ ᠲᠤ ᠴᠢᠳᠠᠪᠤᠷᠢᠲᠠᠨ ᠳᠤ ᠲᠦᠰᠢᠭᠯᠡᠬᠦ ᠬᠡᠷᠡᠭᠲᠡᠢ᠃ ᠠᠳᠡ ᠴᠥᠭᠡᠨ ᠪᠤᠰᠤ | ᠰᠢᠯᠢᠳᠡᠭ ᠴᠢᠳᠠᠪᠤᠷᠢᠲᠠᠨ ᠴᠤᠭᠯᠠᠷᠠᠭᠰᠠᠨ ᠢ ᠣᠯᠵᠤ ᠬᠠᠷᠠᠯ᠎ᠠ᠂ ᠣᠯᠠᠨ ᠢᠶᠠᠷ ᠢᠶᠠᠨ ᠪᠦᠷ ᠮᠠᠰᠢ ᠵᠠᠯᠠᠭᠤ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ᠂ ᠪᠢ ᠮᠠᠰᠢ ᠪᠠᠶᠠᠷᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠤ ᠦᠰᠦᠨ ᠪᠣᠶᠢᠵᠢᠯᠲᠠ ᠶᠢ ᠮᠠᠰᠢ ᠬᠠᠯᠠᠮᠵᠢᠯᠠᠵᠤ ᠪᠠᠶᠢᠨ᠎ᠠ᠂ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠢᠭᠲᠠᠢ | ᠪᠠᠶᠢᠭᠤᠯᠤᠮᠵᠢ ᠲᠣᠭᠲᠠᠴᠠ ᠪᠠ ᠠᠵᠢᠯ ᠠᠮᠢᠳᠤᠷᠠᠯ ᠤᠨ ᠣᠷᠴᠢᠨ ᠨᠥᠬᠦᠴᠡᠯ ᠢ ᠠᠯᠢ ᠴᠢᠳᠠᠬᠤ ᠪᠠᠷ ᠡᠭᠦᠳᠴᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠡᠬᠡ ᠣᠷᠣᠨ ᠪᠠ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ | ᠪᠣᠯᠭᠠᠬᠤ ᠬᠡᠷᠡᠭᠲᠡᠢ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠨᠡᠩ ᠶᠡᠭᠡ ᠠᠮᠵᠢᠯᠲᠠ ᠣᠯᠬᠤ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠷᠠᠭ᠎ᠠ ᠨᠢ ᠳ᠋ᠦᠩ ᠬᠤ᠋ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠽᠦᠸᠧ ᠯᠢᠩ ᠵᠡᠭᠡᠯᠢ | ᠭᠤᠳᠤᠮᠵᠢ ᠶᠢᠨ ᡁᠢ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠤᠰ ᠨᠡᠶᠢᠭᠡᠮ ᠲᠣᠭᠤᠷᠢᠭ ᠪᠣᠯ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠬᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ | ᠲᠠᠬᠢᠨ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠲᠠᠪᠤᠨ ᠱᠠᠲᠤᠨ ᠤ ᠳᠠᠭᠠᠭᠠᠴᠢᠯᠠᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠨ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠪᠠ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠨᠡᠶᠢᠭᠡᠮ ᠲᠣᠭᠤᠷᠢᠭ ᠤᠨ ᠲᠣᠭᠲᠠᠭᠤᠨ ᠪᠠᠲᠤᠯᠠᠭ᠎ᠠ ᠶᠢᠨ ᠰᠢᠰᠲ᠋ᠧᠮ ᠢ | ᠪᠦᠷᠢᠯᠳᠦᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯ ᠤᠨ ᠬᠡᠪ ᠤᠨ ᠪᠠᠶᠢᠳᠠᠯ ᠢ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠠ᠃ ᠬᠤᠪᠧᠢ ᠮᠤᠵᠢ ᠶᠢᠨ ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠢᠵᠢᠭ ᠤᠨ ᠳᠠᠷᠠᠭᠠᠬᠢ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ | ᠳᠠᠷᠠᠭ᠎ᠠ᠂ ᠰᠢ ᠶᠢᠨ ᠫᠢᠩ᠂ 2020 ᠣᠨ ᠤ ᠦᠬᠠᠨ ᠢ ᠬᠠᠮᠠᠭᠠᠯᠠᠬᠤ ᠳᠠᠶᠢᠯᠠᠯᠳᠤᠭᠠᠨ ᠢᠯᠠᠯᠲᠠ ᠣᠯᠣᠭᠰᠠᠨ ᠠᠴᠠ | ᠨᠠᠭᠠᠰᠢ᠂ ᠦᠬᠠᠨ ᠳᠤ ᠪᠠᠰᠠ ᠣᠯᠠᠨ ᠤᠳᠠᠭ᠎ᠠ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠲᠤᠯᠭᠠᠷᠠᠭᠰᠠᠨ ᠪᠣᠯᠪᠠᠴᠤ | ᠮᠠᠰᠢ ᠲᠦᠷᠭᠡᠨ ᠡᠵᠡᠮᠳᠡᠵᠦ᠂ ᠶᠡᠭᠡ ᠬᠡᠪᠴᠢᠶ᠎ᠡ ᠪᠠᠷ ᠳᠠᠬᠢᠨ ᠳᠡᠯᠭᠡᠷᠡᠭᠰᠡᠨ ᠦᠭᠡᠢ᠃ ᠦᠬᠠᠨ ᠬᠤᠲᠠ ᠶᠢᠨ ᠬᠢᠨ | ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠡᠢ᠂ ᠲᠤᠷᠰᠢᠯᠭ᠎ᠠ ᠶᠢ | ᠳ᠋ᠦᠩᠨᠡᠭᠦᠰᠢᠲᠡᠢ ᠶᠤᠮ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠴᠢᠭᠯᠡᠯᠲᠡ ᠲᠦᠷᠦ ᠶᠢᠨ ᠪᠣᠳᠣᠯᠭ᠎ᠠ ᠪᠣᠯ ᠵᠥᠪ᠂ ᠪᠦᠲᠦᠮᠵᠢᠲᠡᠢ ᠶᠤᠮ᠂ ᠡᠷᠬᠡᠪᠰᠢ ᠡᠷᠡᠰ ᠭᠤᠶᠢᠪᠢᠰᠢ ᠦᠭᠡᠢ ᠪᠠᠷ | ᠪᠠᠷᠢᠮᠲᠠᠯᠠᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠴᠢᠳ ᠤᠨ ᠲᠢᠩᠬᠢᠮ ᠳᠤ ᠬᠦᠷᠴᠦ᠂ ᠨᠡᠶᠢᠭᠡᠮ | ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠠᠮ ᠤᠨ ᠭᠡᠰᠢᠭᠦᠨ ᠺᠠᠳ᠋ᠷ᠂ ᠰᠠᠶᠢᠨ | ᠳᠤᠷᠠᠴᠤᠳ ᠠᠴᠠ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠲᠡᠳᠡᠨ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ | ᠬᠠᠰᠢᠯᠭ᠎ᠠ ᠪᠠᠨ ᠪᠠᠬᠢᠯᠡᠵᠦ᠂ ᠰᠠᠭᠤᠭᠠᠯᠢ ᠠᠷᠠᠳ ᠲᠤ ᠰᠠᠨᠠᠭ᠎ᠠ ᠠᠮᠤᠷ ᠥᠯᠵᠡᠢ ᠪᠡᠯᠭᠡ ᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠣᠶ ᠪᠣᠯᠭᠠᠭᠠᠷᠠᠢ ᠭᠡᠵᠦ ᠵᠣᠷᠢᠭᠵᠢᠭᠤᠯᠪᠠ᠃ ᠰᠢ ᠶᠢᠨ ᠫᠢᠩ ᠨᠡᠶᠢᠭᠡᠮ ᠲᠣᠭᠤᠷᠢᠭ ᠲᠤ ᠶᠠᠪᠤᠬᠤ ᠶᠢᠨ ᠳᠠᠭᠠᠤ | ᠦᠵᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠥᠯᠢᠭᠡᠷ ᠠᠪᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠤᠲᠠᠯᠠᠵᠤ ᠪᠠᠶᠢᠬᠤ ᠪᠠᠨ | ᠢᠯᠡᠳᠬᠡᠪᠡ᠃ ᠰᠢ ᠶᠢᠨ ᠫᠢᠩ᠂ ᠬᠢᠵᠢᠭ ᠤᠨ ᠪᠠᠶᠢᠳᠠᠯ ᠢ ᠠᠷᠭᠠᠴᠠᠭᠠᠬᠤ ᠲᠡᠮᠡᠴᠡᠯ ᠳᠤᠮᠳᠠ᠂ ᠪᠠᠴᠢᠮ ᠪᠠᠶᠢᠳᠠᠯ ᠢ | ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠴᠤ ᠲᠡᠷᠡ | ᠂ ᠨᠡᠶᠢᠭᠡᠮ ᠲᠣᠭᠤᠷᠢᠭ ᠪᠦᠷ ᠮᠠᠰᠢ ᠴᠢᠬᠤᠯᠠ ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ ᠠᠪᠴᠤ ᠬᠡᠯᠡᠪᠡᠯ᠂ ᠡᠷᠲᠡ | ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠳᠤ ᠲᠦᠰᠢᠭᠯᠡᠬᠦ ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠬᠤ ᠳᠤ ᠲᠦᠰᠢᠭᠯᠡᠬᠦ ᠬᠡᠷᠡᠭᠲᠡᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ | ᠰᠠᠭᠤᠷᠢ ᠳᠤ ᠲᠦᠰᠢᠭᠯᠡᠬᠦ ᠬᠡᠷᠡᠭᠲᠡᠢ᠃ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠵᠠᠪᠠᠯ ᠡᠷᠡᠰ ᠰᠢᠭᠤᠷᠬᠠᠢ᠂ | ᠲᠠᠲᠠᠭᠠᠯᠵᠠᠵᠤ ᠪᠣᠯᠬᠤ ᠦᠭᠡᠢ᠂ ᠰᠢᠨᠵᠢᠯᠡᠬᠦ ᠤᠬᠠᠭᠠᠨᠴᠢ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢᠶᠠᠨ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠭᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᡁᠢ ᠶᠤᠸᠠᠨ ᠨᠡᠶᠢᠭᠡᠮ ᠲᠣᠭᠤᠷᠢᠭ ᠨᠢ ᠨᠠᠰᠤᠵᠢᠯ ᠤᠨ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠠᠰᠤᠵᠢᠯ ᠤᠨ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠦᠷᠢ ᠪᠣᠯᠭᠠᠭᠰᠠᠨ᠂ ᠡᠮᠴᠢᠯᠡᠬᠦ ᠪᠠ ᠰᠤᠪᠢᠯᠠᠬᠤ ᠶᠢ | ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠲᠤ᠂ ᠰᠢ ᠶᠢᠨ ᠫᠢᠩ ᠨᠡᠶᠢᠭᠡᠮ ᠲᠣᠭᠤᠷᠢᠭ ᠤᠨ ᠠᠵᠢᠯᠲᠠᠳ ᠠᠴᠠ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠵᠢᠴᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠬᠥᠲᠥᠯᠥᠨ ᠳᠠᠭᠠᠭᠤᠯᠤᠭᠰᠠᠨ ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ ᠠᠵᠢᠯ ᠶᠠᠪᠤᠳᠠᠯ | ᠭᠦᠢᠴᠡᠳᠬᠡᠬᠦ ᠪᠠᠷ ᠢᠷᠡᠭᠰᠡᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠪᠠᠶᠢᠳᠠᠯ ᠢ | ᠨᠠᠷᠢᠨ ᠠᠰᠠᠭᠤᠪᠠ᠃ ᠰᠢ ᠶᠢᠨ ᠫᠢᠩ᠂ ᠨᠡᠶᠢᠭᠡᠮ ᠲᠣᠭᠤᠷᠢᠭ ᠪᠣᠯ ᠬᠤᠳᠠ ᠶᠢᠨ ᠵᠠᠰᠠᠯᠲᠠ ᠶᠢᠨ ᠰᠢᠰᠲ᠋ᠧᠮ ᠤᠨ ᠦᠨᠳᠦᠰᠦᠨ | ᠨᠢᠭᠡᠴᠢ ᠪᠣᠯᠣᠨ᠎ᠠ᠃ ᠮᠠᠨ ᠤ ᠤᠯᠤᠰ ᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ ᠨᠢᠭᠡ ᠳᠠᠪᠠᠭᠤᠯᠢᠭ ᠪᠣᠯ ᠳᠠᠷᠤᠢ | ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤᠮᠳᠠᠬᠢ ᠤᠳᠤᠷᠢᠳᠬᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠪᠠᠭᠤᠯᠭᠠᠵᠤ᠂ ᠠᠵᠢᠯ ᠤᠨ ᠬᠦᠴᠦᠨ ᠢᠶᠠᠨ | ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠪᠣᠯᠣᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠵᠠᠰᠠᠯᠲᠠ ᠶᠢᠨ | ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠺᠠᠳ᠋ᠷ ᠤᠯᠠᠨ ᠲᠦᠮᠡᠨ ᠬᠦᠷᠢᠶᠡᠯᠡᠨ ᠢᠷᠡᠵᠤ᠂ ᠶᠡᠷᠦᠩᠬᠡᠢ | ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠪᠢ ᠦᠬᠠᠨ ᠤ ᠠᠷᠠᠳ ᠲᠦᠮᠡᠨ ᠤ ᠲᠥᠯᠥᠭᠡ | ᠰᠠᠨᠠᠭᠠᠰᠢᠷᠠᠵᠤ᠂ ᠬᠤᠶᠠᠷ ᠵᠢᠯ ᠠᠯᠤᠰᠯᠠᠭᠠᠳ ᠦᠬᠠᠨ ᠭᠡᠬᠦ ᠡᠨᠡ ᠬᠦ ᠪᠠᠭᠠᠲᠤᠷᠯᠢᠭ ᠬᠤᠳᠠ ᠳᠤ ᠳᠠᠬᠢᠨᠲᠠ ᠢᠷᠡᠵᠤ ᠤᠯᠠᠨ ᠢ | ᠪᠣᠯᠭᠤᠭᠠᠨ ᠦᠵᠡᠪᠡ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠷᠭᠡᠨ ᠤᠯᠠᠨ ᠨᠡᠶᠢᠭᠡᠮ ᠲᠣᠭᠤᠷᠢᠭ ᠤᠨ | ᠠᠵᠢᠯᠲᠠᠨ ᠤᠷᠳᠤ ᠬᠤᠭᠤᠴᠠᠭ᠎ᠠ ᠪᠠᠷ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠶᠡᠭᠡ ᠬᠡᠮᠵᠢᠶᠡᠨ ᠤ | ᠶᠠᠷᠰᠢᠭ ᠲᠦᠪᠡᠭ ᠲᠠᠢ ᠪᠣᠳᠠᠲᠠᠢ ᠠᠵᠢᠯ ᠢ ᠡᠭᠦᠷᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ | ᠰᠡᠳᠬᠢᠯ ᠠᠴᠠ ᠪᠠᠨ ᠦᠢᠯᠡᠴᠢᠯᠡᠵᠦ᠂ ᠮᠠᠰᠢ ᠵᠦᠳᠡᠷᠡᠯᠲᠡᠢ ᠪᠠᠶᠢᠵᠤ᠂ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ | ᠶᠤᠮ᠃ ᠠᠳᠡ ᠪᠢ ᠲᠠ ᠪᠦᠬᠦᠨ ᠳᠤ ᠲᠡᠷᠡᠴᠢᠯᠡᠨ ᠪᠦᠬᠦ ᠤᠯᠤᠰ ᠤᠨ ᠥᠷᠭᠡᠨ ᠤᠯᠠᠨ ᠨᠡᠶᠢᠭᠡᠮ ᠲᠣᠭᠤᠷᠢᠭ ᠤᠨ | ᠠᠵᠢᠯᠲᠠᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠶ᠎ᠡ ᠭᠡᠵᠦ ᠤᠯᠠᠨ ᠳᠤ ᠬᠡᠯᠡᠪᠡ᠃ | ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠨᠢᠭᠡ ᠤᠳᠠᠭ᠎ᠠ ᠶᠢᠨ | ᠶᠡᠭᠡ ᠰᠢᠯᠭᠠᠯᠲᠠ ᠮᠥᠨ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ | ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠵᠣᠬᠢᠴᠠᠭᠤᠯᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠦᠭᠡᠢ ᠲᠣᠬᠢᠷᠠᠭᠤᠯᠤᠯᠲᠠ ᠬᠢᠵᠦ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ | ᠮᠠᠨ ᠤ ᠤᠯᠤᠰ ᠤᠨ ᠬᠥᠮᠥᠨ ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ ︽ᠬᠠᠮᠲᠤ ᠶᠢᠨ ᠡᠭᠡᠯᠢᠯᠡᠭᠡ︾᠂ ︽ᠬᠠᠷᠠᠵᠤ | ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠣᠯ | ᠦᠷ᠎ᠡ ᠳ᠋ᠦᠩ ᠨᠢ ᠰᠡᠳᠬᠢᠭᠳᠡᠰᠢ ᠦᠭᠡᠢ ᠪᠤᠯᠬᠤ ᠶᠤᠮ᠃ ᠪᠢᠳᠡ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠨᠢ ᠨᠠᠮ ᠤᠨ ᠲᠥᠪ ᠬᠤᠷᠢᠶ᠎ᠠ ᠨᠠᠮ ᠤᠨ ᠰᠢᠨᠵᠢ ᠴᠢᠨᠠᠷ ᠵᠣᠷᠢᠯᠲᠠ ᠠᠴᠠ ᠡᠭᠦᠰᠴᠦ᠂ | ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠴᠦ ᠲᠣᠭᠲᠠᠭᠠᠭᠰᠠᠨ ᠶᠤᠮ᠂ ᠠᠵᠤ ᠠᠬᠤᠢ ᠶᠢᠨ ᠬᠥᠭᠵᠢᠯᠲᠡ ᠶᠢ | ᠲᠦᠷ ᠴᠠᠭ ᠵᠢᠭᠠᠬᠠᠨ ᠨᠥᠯᠥᠭᠡᠯᠡᠭᠰᠡᠨ ᠴᠦ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠬᠤᠬᠢᠷᠠᠭᠤᠯᠵᠤ ᠪᠣᠯᠬᠤ ᠦᠭᠡᠢ᠂ ᠢᠯᠠᠩᠭᠤᠶ᠎ᠠ ᠨᠠᠰᠤᠲᠠᠶᠢᠴᠤᠳ᠂ ᠬᠡᠦᠬᠡᠳ ᠢ ᠰᠠᠶᠢᠲᠤᠷ ᠬᠠᠮᠠᠭᠠᠯᠠᠬᠤ | ᠬᠡᠷᠡᠭᠲᠡᠢ᠃ ᠬᠡᠷᠪᠡ ᠶᠡᠷᠦᠩᠬᠡᠢ ᠳᠠᠩᠰᠠ ᠶᠢ ᠪᠤᠳᠤᠪᠠᠯ᠂ ᠮᠠᠨ ᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯ ᠬᠠᠮᠤᠭ ᠤᠨ | ᠬᠢᠮᠳᠠ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ ᠶᠤᠮ᠃ ᠪᠢᠳᠡᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠲᠠᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ ᠦᠨᠳᠦᠰᠦᠨ ᠱᠠᠲᠤᠨ ᠤ ᠰᠠᠭᠤᠷᠢ ᠲᠠᠢ᠂ | ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢ ᠲᠠᠢ ᠮᠥᠷᠲᠡᠭᠡᠨ | ᠪᠣᠳᠠᠲᠤ ᠬᠦᠴᠦᠨ ᠲᠠᠢ ᠪᠠᠶᠢᠵᠤ᠂ ᠡᠴᠦᠰ ᠲᠤ ᠪᠠᠨ ᠢᠯᠠᠯᠲᠠ ᠶᠢ ᠣᠯᠬᠤ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠬᠢᠵᠢᠭ ᠤᠨ ᠪᠠᠶᠢᠳᠠᠯ ᠬᠠᠷᠠᠬᠠᠨ ᠠᠷᠢᠯᠤᠭᠠᠳᠤᠢ᠂ ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠪᠠᠰᠠ ᠮᠠᠰᠢ ᠶᠡᠭᠡ | ᠪᠠᠶᠢᠨ᠎ᠠ᠃ ᠪᠠᠷᠢᠮᠲᠠᠯᠠᠯ ᠪᠣᠯ ᠢᠯᠠᠯᠲᠠ ᠮᠥᠨ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ ᠰᠤᠯᠠᠷᠠᠬᠤ | ᠰᠡᠳᠬᠢᠯᠭᠡ ᠶᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ | ᠠᠳᠬᠤᠨ ᠨᠠᠷᠢᠯᠢᠭ ᠠᠳᠬᠤᠬᠤ ᠶᠢᠨ ᠬᠠᠮᠲᠤ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠯᠢ ᠴᠢᠳᠠᠬᠤ ᠪᠠᠷ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠭ᠎ᠠ ᠪᠤᠳᠤᠨ ᠠᠷᠠᠳ ᠤᠯᠠᠨ ᠢ | ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠯᠠᠨ ᠤ | ᠦᠢᠯᠡᠳᠪᠦᠷᠢᠯᠡᠯ ᠠᠮᠢᠳᠤᠷᠠᠯ ᠳᠤ ᠪᠠᠭ᠎ᠠ ᠨᠥᠯᠥᠭᠡ ᠦᠵᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠳᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠨᠢᠭᠡᠳᠦᠯᠲᠡᠢ | ᠲᠥᠯᠥᠪᠵᠢᠭᠦᠯᠬᠦ ᠳᠤ ᠢᠲᠡᠭᠡᠯ ᠲᠠᠢ ᠪᠠᠶᠢᠨ᠎ᠠ᠂ ᠡᠨᠡ ᠵᠢᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠨᠡᠯᠢᠶᠡᠳ | ᠰᠠᠶᠢᠨ ᠲᠦᠪᠰᠢᠨ ᠳᠤ ᠬᠦᠷᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠪᠣᠯᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |