ᠬᠠᠭᠭᠤᠯᠠ ᠭᠠᠴᠠᠭᠠᠨ ᠳᠤ ᠠᠶᠠᠯᠠᠯ ᠵᠢᠭᠤᠯᠴᠢᠯᠠᠯ ᠤᠨ ᠰᠢᠨ᠎ᠡ ᠱᠤᠭᠤᠮ ᠨᠡᠭᠡᠭᠡᠭᠳᠡᠭᠦ ᠪᠠᠷ ᠪᠠᠶᠢᠨ᠎ᠠ | | | ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ︿︿ | ᠭᠦᠳᠡᠭᠡ ᠲᠤᠰᠬᠤᠨ ᠢ ᠭᠦᠭᠵᠢᠭᠦᠯᠤᠨ ᠮᠠᠠᠳᠤᠭᠤᠯᠬᠤ﹀﹀ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ | ᠬᠠᠭᠭᠤᠯᠠ ᠭᠠᠴᠠᠭᠠᠨ ᠳᠤ ᠠᠶᠠᠯᠠᠯ ᠵᠢᠭᠤᠯᠴᠢᠯᠠᠯ ᠤᠨ ᠰᠢᠨ᠎ᠡ ᠵᠠᠮ ᠱᠤᠭᠤᠮ ᠨᠡᠭᠡᠭᠡᠭᠦ ᠪᠡᠯᠡᠳᠭᠡᠯ ᠠᠵᠢᠯ ᠢᠶᠠᠨ | ᠭᠢᠵᠤ ᠪᠠᠶᠢᠨ᠎ᠠ ᠃ | ᠬᠠᠭᠭᠤᠯᠠ ᠭᠠᠴᠠᠭᠠᠨ ᠤ ᠵᠠᠮ ᠬᠠᠷᠢᠯᠴᠠᠭ᠎ᠠ᠂ ᠮᠠᠯᠴᠢᠳ ᠤᠨ ᠨᠡᠭᠦᠳᠡᠯ ᠠᠮᠢᠳᠤᠷᠠᠯ᠂ ᠮᠠᠯᠵᠢᠬᠤ ᠦᠢᠯᠡᠳᠪᠤᠷᠢᠯᠡᠯ᠂ | ᠪᠠᠶᠢᠭᠠᠯᠢ ᠶᠢᠨ ᠦᠡᠭᠭᠡ ᠦᠵᠡᠮᠵᠢ ᠵᠡᠷᠭᠡ ᠭᠠᠵᠠᠷ ᠤᠷᠤᠨ ᠤ ᠬᠢᠨᠢ ᠪᠤᠳᠠᠳᠦ ᠪᠠᠶᠢᠳᠠᠯ ᠠᠴᠠ ᠡᠭᠦᠰᠴᠦ᠂ ᠠᠶᠠᠯᠠᠯ | ᠵᠢᠭᠤᠯᠴᠢᠯᠠᠯ ᠤᠨ ᠦᠢᠯᠡᠰ ᠤᠨᠡᠭᠢ ᠪᠠᠶᠠᠯᠢᠭ ᠢ ᠨᠡᠭᠡᠭᠡᠨ ᠠᠰᠢᠬᠯᠠᠵᠤ᠂ ᠮᠠᠯᠴᠢᠳ ᠤᠨ ᠤᠷᠤᠯᠭ᠎ᠠ ᠳᠤ ᠨᠡᠮᠡᠷᠢ | ᠪᠤᠯᠭᠠᠬᠤ ᠪᠠᠷ ᠪᠤᠢ᠃ | ᠪᠠᠶᠠᠠᠬᠤᠸᠠ ᠪᠠᠯᠭᠠᠰᠤ ᠨᠢ ᠬᠠᠭᠭᠤᠯᠠ ᠭᠠᠴᠠᠭᠠᠨ ᠤ ᠮᠠᠯᠴᠢᠨ ᠠ᠊᠂ ᠲᠤᠬᠳᠠᠬᠤ᠂ ᠦᠯᠵᠡᠶᠢᠳᠤᠬᠳᠠᠬᠤ᠂ | ᠭᠡᠷᠡᠯᠳᠤᠬᠳᠠᠬᠤ ᠵᠡᠷᠭᠡ ᠮᠠᠯᠴᠢᠳ ᠤᠨ ᠤᠤᠯ ᠠᠴᠠ ᠪᠠᠨ ᠠᠳᠤᠭᠤᠨ ᠰᠤᠶᠤᠯ ᠤᠨ ᠬᠠᠮᠢᠶᠠᠲᠠᠢ ᠵᠢᠭᠠᠨ ᠰᠤᠷᠭᠠᠯᠳᠠ | ᠭᠢᠭᠦ᠂ ᠮᠤᠷᠢ ᠲᠠᠢ ᠠᠶᠠᠯᠠᠭᠤᠯᠬᠤ᠂ ᠭᠡᠭᠦᠤ ᠪᠠᠷᠢᠵᠤ ᠴᠡᠭᠡ ᠭᠠᠷᠭᠠᠬᠤ᠂ ᠭᠢᠳᠡᠨ ᠤ ᠪᠤᠯᠠᠭ᠂ ᠭᠦᠢᠳᠡᠨ ᠤ ᠪᠤᠯᠠᠭ᠂ | ᠴᠠᠨ᠎ᠠ ᠴᠡᠴᠡᠭ᠂ ᠬᠤᠰᠤᠲᠠᠢ ᠶᠢᠨ ᠪᠠᠶᠢᠭᠠᠯᠢ ᠶᠢᠨ ᠦᠡᠭᠭᠡ ᠦᠵᠡᠮᠵᠢ ᠶᠢ ᠰᠤᠨᠢᠷᠬᠠᠭᠤᠯᠬᠤ ᠵᠡᠷᠭᠡ ᠲᠤᠰᠬᠠᠢ ᠡᠷᠦᠬᠡ | ᠬᠤᠪᠢᠳᠠᠨ ᠭᠢᠵᠤ ᠪᠠᠶᠢᠬᠰᠠᠨ ᠢ ︿︿ᠭᠦᠳᠡᠭᠡ ᠲᠤᠰᠬᠤᠨ ᠢ ᠭᠦᠭᠵᠢᠭᠦᠯᠤᠨ ᠮᠠᠠᠳᠤᠭᠤᠯᠬᠤ﹀﹀ ᠲᠦᠷᠦ ᠶᠢᠨ | ᠪᠤᠳᠤᠯᠭ᠎ᠠ ᠲᠠᠢ ᠠᠪᠤᠴᠠᠯᠳᠤᠭᠤᠯᠤᠨ᠂ ︿︿ᠴᠠᠨ᠎ᠠ ᠴᠡᠴᠡᠭ ᠦᠢᠯᠡᠴᠢᠯᠡᠭᠡᠨ ᠤ ᠦᠷᠳᠡᠭᠡ + ᠮᠠᠯᠴᠢᠨ ᠡᠷᠦᠭᠡ﹀﹀ | ᠬᠤᠯᠪᠤᠭᠠᠯᠠᠬᠰᠠᠨ ᠠᠶᠠᠯᠠᠯ ᠵᠢᠭᠤᠯᠴᠢᠯᠠᠯ ᠤᠨ ᠭᠡᠪ ᠵᠠᠬᠪᠤᠷ ᠢ ᠡᠭᠦᠳᠦᠨ᠂ ᠦᠡᠭᠭᠡᠷᠡᠭᠰᠡᠨ ᠤ ᠲᠠᠩ ᠭᠠᠭᠴᠠ ᠡᠷᠦᠭᠡ | ᠪᠠᠷ ᠢᠶᠠᠨ ᠭᠢᠵᠤ ᠪᠠᠶᠢᠬᠰᠠᠨ ᠠᠶᠠᠯᠠᠯ ᠵᠢᠭᠤᠯᠴᠢᠯᠠᠯ ᠤᠨ ᠠᠵᠢᠯ ᠢ ᠬᠡᠯᠭᠢᠶᠡᠵᠢᠭᠦᠯᠤᠨ ᠡᠵᠡᠩᠨᠡᠭᠦᠯᠭᠦ ᠵᠠᠮ ᠵᠢᠴᠢ | ᠬᠠᠮᠳᠦ ᠪᠠᠷ ᠦᠢᠯᠡᠴᠢᠯᠠᠨ᠂ ᠬᠠᠷᠢᠯᠴᠠᠨ ᠨᠦᠭᠦᠪᠦᠷᠢᠯᠠᠨ᠂ ᠬᠠᠮᠳᠦ ᠪᠠᠷ ᠦᠷ᠎ᠠ ᠠᠰᠢᠭ ᠭᠦᠷᠳᠡᠭᠦ ᠵᠠᠮ ᠢᠶᠠᠷ | ᠬᠦᠳᠦᠯᠦᠨ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ | 7 ᠰᠠᠷ᠎ᠠ ᠶᠢᠨ 30 ᠤ ᠡᠳᠦᠷ᠂ ᠠ᠊᠂ ᠲᠤᠬᠳᠠᠬᠤ᠂ ᠦᠯᠵᠡᠶᠢᠳᠤᠬᠳᠠᠬᠤ᠂ ᠭᠡᠷᠡᠯᠳᠤᠬᠳᠠᠬᠤ ᠵᠡᠷᠭᠡ ᠮᠠᠯᠴᠢᠨ | ᠡᠷᠦᠭᠡ ᠨᠢ ᠬᠠᠮᠳᠤᠷᠠᠵᠤ᠂ ᠮᠤᠷᠢᠲᠠᠢ ᠠᠶᠠᠯᠠᠬᠤ᠂ ᠭᠡᠭᠦᠤ ᠰᠠᠭᠠᠬᠤ᠂ ᠤᠨᠠᠭ᠎ᠠ ᠲᠠᠭ᠎ᠠ ᠤᠷᠤᠯᠳᠤᠭᠤᠯᠬᠤ᠂ | ᠤᠯᠠᠮᠵᠢᠯᠠᠯᠳᠦ ᠱᠠᠭ᠎ᠠ ᠲᠤᠬᠯᠠᠭᠠᠮ ᠨᠠᠭᠠᠳᠤᠭᠤᠯᠬᠤ᠂ ᠮᠢᠬ᠎ᠠ ᠴᠡᠭᠡ ᠵᠡᠷᠭᠡ ᠪᠠᠶᠢᠭᠠᠯᠢᠯᠢᠭ ᠢᠳᠡᠭᠡᠨ ᠤᠮᠳᠠᠭᠠᠨ ᠢᠶᠠᠷ | ᠵᠤᠴᠢᠯᠠᠬᠤ᠂ ᠲᠠᠯ᠎ᠠ ᠨᠤᠳᠤᠭ ᠠᠭᠤᠯᠠ ᠤᠰᠤ᠂ ᠤᠢ ᠰᠢᠭᠤᠢ ᠵᠡᠷᠭᠡ ᠪᠠᠶᠢᠭᠠᠯᠢ ᠶᠢᠨ ᠦᠡᠭᠭᠡ ᠦᠵᠡᠮᠵᠢᠳᠦ ᠤᠷᠤᠨ | ᠢᠶᠠᠷ ᠲᠤᠭᠤᠷᠢᠭᠤᠯᠬᠤ᠂ ᠮᠠᠯᠴᠢᠳ ᠤᠨ ᠡᠳᠦᠷ ᠲᠤᠳᠤᠮ ᠤᠨ ᠦᠢᠯᠡᠳᠪᠤᠷᠢᠯᠡᠯ ᠠᠮᠢᠳᠤᠷᠠᠯ ᠢ ᠪᠡᠶᠡᠴᠢᠯᠠᠨ | ᠤᠶᠢᠯᠭᠠᠬᠤ ᠠᠭᠤᠯᠭ᠎ᠠ ᠲᠠᠢ ᠨᠢᠭᠡ ᠤᠳᠠᠭᠠᠨ ᠤ ᠺᠳᠡᠷ ᠮᠠᠯᠴᠢᠳ ᠤᠨ ᠬᠠᠮᠳᠦ ᠶᠢᠨ ᠤᠷᠤᠯᠴᠠᠭ᠎ᠠ ᠲᠠᠢ ᠠᠵᠢᠯᠯᠠᠭ᠎ᠠ | ᠦᠷᠨᠢᠭᠦᠯᠵᠤ᠂ ᠤᠯᠠᠨ ᠢᠶᠠᠷ ᠢᠶᠠᠨ ᠲᠤᠬᠠᠢ ᠶᠢᠨ ᠭᠠᠵᠠᠷ ᠢᠶᠠᠷ ᠨᠢ ᠲᠤᠭᠤᠷᠢᠨ ᠦᠵᠡᠵᠤ᠂ ᠪᠡᠶᠡᠴᠢᠯᠠᠨ ᠤᠷᠤᠯᠴᠠᠬᠤ | ᠶᠢᠨ ᠲᠠᠭᠠᠤ᠂ ᠬᠠᠮᠳᠦ ᠪᠠᠷ ᠢᠶᠠᠨ ᠠᠷᠭ᠎ᠠ ᠤᠬᠠᠭᠠᠨ ᠰᠦᠪᠡᠭᠴᠢᠯᠡᠨ᠂ ᠲᠤᠷᠰᠢᠯᠭ᠎ᠠ ᠰᠤᠷᠭᠠᠮᠵᠢ ᠬᠤᠷᠠᠮᠳᠤᠭᠤᠯᠤᠨ᠂ | ᠬᠤᠵᠢᠮ ᠤᠨ ᠠᠵᠢᠯ ᠢᠶᠠᠨ ᠰᠧᠰᠲ᠋ᠧᠮᠵᠢᠭᠦᠯᠭᠦ ᠲᠠᠯ᠎ᠠ ᠪᠠᠷ ᠰᠢᠨ᠎ᠡ ᠰᠦᠪᠡᠭᠴᠢᠯᠡᠯᠳᠡ ᠭᠢᠪᠡ ᠃ | ᠤᠳᠤᠬᠠᠨ ᠳᠤ ᠪᠠᠶᠠᠠᠬᠤᠸᠠ ᠪᠠᠯᠭᠠᠰᠤ ᠨᠢ ︿︿ᠴᠠᠨ᠎ᠠ ᠴᠡᠴᠡᠭ ᠦᠢᠯᠡᠴᠢᠯᠡᠭᠡᠨ ᠤ ᠦᠷᠳᠡᠭᠡ + ᠮᠠᠯᠴᠢᠨ | ᠡᠷᠦᠭᠡ﹀﹀ ᠬᠤᠯᠪᠤᠭᠠᠯᠠᠬᠰᠠᠨ ᠭᠡᠪ ᠵᠠᠬᠪᠤᠷ ᠢᠶᠠᠨ ᠡᠨᠡ ᠡᠳᠦᠷ ᠤᠨ ᠠᠵᠢᠯᠯᠠᠭᠠᠨ ᠤ ᠪᠠᠨ ᠰᠠᠭᠤᠷᠢᠨ ᠲᠡᠭᠡᠷ᠎ᠡ ᠤᠯᠠᠮ | ᠴᠢᠨᠠᠭᠰᠢᠲᠠ ᠪᠦᠷᠢᠨᠰᠢᠭᠦᠯᠤᠨ ᠬᠡᠪᠴᠢᠶᠡᠵᠢᠭᠦᠯᠵᠦ᠂ ᠮᠠᠯᠴᠢᠳ ᠢ ᠲᠠᠶᠢᠴᠢᠯᠠᠨ᠂ ᠬᠤᠨᠤᠭ ᠤᠨ ᠪᠠᠭᠤᠳᠠᠯ | ᠲᠤᠭᠢᠷᠠᠭᠤᠯᠬᠤ᠂ ᠢᠳᠡᠭᠡᠨ ᠤᠮᠳᠠᠭᠠᠨ ᠤ ᠦᠢᠯᠡᠴᠢᠯᠡᠭᠡ᠂ ᠲᠤᠭᠤᠷᠢᠨ ᠵᠤᠭᠠᠴᠠᠬᠤ᠂ ᠨᠤᠳᠤᠭ ᠤᠨ ᠤᠨᠴᠠᠯᠢᠬᠳᠦ | ᠴᠠᠭᠠᠨ ᠢᠳᠡᠭᠡ᠂ ᠤᠯᠠᠮᠵᠢᠯᠠᠯᠳᠦ ᠭᠠᠷ ᠤᠷᠠᠯᠠᠯ ᠤᠨ ᠪᠦᠳᠦᠭᠡᠭᠳᠡᠭᠦᠨ ᠤ ᠬᠤᠳᠠᠯᠳᠤᠭ᠎ᠠ ᠲᠡᠯᠭᠡᠭᠦᠷ ᠨᠡᠭᠡᠭᠡᠬᠦ ᠁ | ᠵᠡᠷᠭᠡ ᠤᠯᠠᠨ ᠲᠦᠷᠦᠯ ᠤᠨ ᠠᠵᠢᠯ ᠢ ᠭᠢᠭᠦ ᠲᠦᠰᠦᠪ ᠲᠦᠯᠦᠪᠯᠡᠭᠡ ᠶᠢᠨ ᠲᠠᠯ᠎ᠠ ᠪᠠᠷ ᠬᠠᠮᠳᠦ ᠪᠠᠷ ᠶᠠᠷᠢᠯᠴᠠᠨ | ᠰᠤᠳᠤᠯᠵᠠᠭᠠᠪᠠ ᠃ | |