锡林郭勒盟365bet知乎_365bet官方体育投注_365bet娱乐场平台珠穆沁旗 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠤᠷᠤᠨ ᠰᠠᠭᠤᠴᠠ ᠶᠢᠨ ᠰᠢᠨᠡᠴᠢᠯᠡᠯᠳᠡ ᠳᠤ ᠲᠤᠰᠬᠠᠭᠳᠠᠭᠰᠠᠨ ᠬᠦᠳᠡᠭᠡ ᠨᠤᠳᠤᠭ ᠤᠨ ᠬᠦᠭᠵᠢᠯᠳᠡ
        ᠨᠡᠶᠢᠲᠡᠯᠡᠭᠰᠡᠨ ᠴᠠᠭ᠄
        2022/8/2
             ᠤᠷᠤᠨ ᠰᠠᠭᠤᠴᠠ ᠶᠢᠨ ᠰᠢᠨᠡᠴᠢᠯᠡᠯᠳᠡ ᠳᠤ ᠲᠤᠰᠬᠠᠭᠳᠠᠭᠰᠠᠨ ᠬᠦᠳᠡᠭᠡ ᠨᠤᠳᠤᠭ ᠤᠨ ᠬᠦᠭᠵᠢᠯᠳᠡ                       ᠤᠶᠢᠷ᠎ᠠ ᠶᠢᠨ ᠠᠷᠪᠠᠨ ᠵᠢᠯ ᠳᠤ ᠨᠡᠶᠢᠭᠡᠮ ᠠᠵᠤ ᠠᠬᠤᠢ ᠶᠢᠨ ᠬᠦᠭᠵᠢᠯᠳᠡ ᠶᠢ ᠲᠠᠭᠠᠯᠳᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠲᠤᠩ ᠶᠡᠭᠡ ᠬᠤᠪᠢᠷᠠᠨ ᠬᠦᠭᠵᠢᠵᠦ ᠰᠢᠨ᠎ᠡ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠭᠡ ᠤᠷᠴᠢᠨ ᠳᠤ ᠰᠢᠨ᠎ᠡ ᠲᠦᠷᠰᠦ ᠪᠠᠶᠢᠳᠠᠯ ᠢᠶᠠᠨ ᠢᠯᠡᠷᠡᠭᠦᠯᠵᠦ ᠪᠠᠶᠢᠨ᠎ᠠ᠃ ᠤᠶᠢᠷ᠎ᠠ ᠳᠤ ᠰᠣᠷᠪᠣᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠤᠷᠳᠤ ᠶᠢᠨ ᠭᠤᠤᠯ ᠭᠠᠴᠠᠭᠠᠨ ᠤ ᠮᠠᠯᠴᠢᠨ ᠠᠯᠲᠠᠨᠪᠠᠭᠠᠲᠤᠷ ᠤᠨ ᠬᠢᠨ ᠳᠤ ᠬᠦᠷᠴᠦ ᠮᠠᠯᠴᠢᠳ ᠤᠨ ᠤᠷᠤᠨ ᠰᠠᠭᠤᠴᠠ ᠶᠢᠨ ᠬᠤᠪᠢᠷᠠᠯᠳᠠ ᠶᠢ ᠰᠤᠷᠪᠤᠯᠵᠢᠯᠠᠨ ᠤᠶᠢᠯᠠᠭᠠᠪᠠ᠃   ᠠᠯᠲᠠᠨᠪᠠᠭᠠᠲᠤᠷ ᠤᠨ ᠡᠯᠡᠰᠦᠨ ᠬᠦᠨ ᠳᠠᠬᠢ ᠡᠸᠦ᠋ᠷᠦᠫᠠ ᠮᠠᠶ᠋ᠢᠭ ᠤᠨ ᠬᠤᠶᠠᠷ ᠲᠠᠪᠬᠤᠷᠯᠢᠭ ᠲᠠᠢ ᠠᠰᠠᠷ ᠨᠢ ᠵᠤᠴᠢᠨ ᠤ ᠦᠷᠦᠭᠡ᠂ ᠬᠤᠭᠤᠯᠠᠨ ᠭᠡᠷ᠂ ᠤᠨᠳᠠᠯᠭ᠎ᠠ ᠶᠢᠨ ᠦᠷᠦᠭᠡ ᠭᠡᠭᠦᠴᠢᠯᠡᠨ ᠲᠤᠰ ᠳᠤᠨᠢ ᠪᠠᠶᠢᠭᠤᠯᠵᠤ᠂ ᠴᠠᠭ ᠤᠨ ᠥᠩᠭᠡ ᠶᠢ ᠳᠠᠭᠠᠭᠰᠠᠨ ᠴᠡᠮᠴᠡᠭᠡᠷ ᠬᠢᠴᠡ ᠲᠠᠢ ᠡᠳ᠋ᠯᠡᠯ ᠬᠡᠷᠡᠭᠰᠡᠯ ᠢᠶᠠᠷ ᠭᠡᠷ ᠢᠶᠠᠨ ᠴᠢᠮᠡᠭᠰᠡᠨ ᠲᠠᠩᠰᠤᠭ ᠰᠠᠭᠤᠴᠠ ᠪᠠᠶᠢᠯ᠎ᠠ᠃ ᠲᠡᠷᠡ  ᠪᠠᠷ 2007 ᠣᠨ ᠳᠤ ᠭᠡᠷᠭᠡᠢ ᠰᠠᠷᠠᠨᠲᠤᠩᠭᠠᠯᠠᠭ ᠲᠠᠢ ᠪᠠᠨ ᠬᠤᠷᠢᠮᠯᠠᠬᠤ ᠦᠶ᠎ᠡ ᠳᠤ ᠨᠢᠭᠡ ᠯᠡ ᠮᠣᠩᠭᠤᠯ ᠭᠡᠷ ᠲᠠᠢ ᠪᠠᠶᠢᠪᠠ᠃ ᠠᠵᠢᠯᠴᠢ ᠬᠢᠴᠢᠶᠡᠩᠭᠦᠢ᠂ ᠰᠠᠨᠠᠭ᠎ᠠ ᠵᠠᠶᠠᠭ᠎ᠠ ᠲᠠᠭᠠᠷᠠᠭᠰᠠᠨ ᠲᠡᠷᠡ ᠬᠤᠶᠠᠷ ᠡᠷᠲᠡᠯᠡᠵᠦ ᠣᠷᠣᠶᠢᠯᠠᠨ ᠮᠠᠯ ᠤᠨᠤᠭ᠎ᠠ ᠪᠠᠨ ᠦᠰᠬᠡᠵᠦ᠂ ᠤᠬᠠᠭᠠᠨ ᠬᠦᠳᠡᠯᠮᠦᠷᠢ ᠪᠠᠷ ᠢᠶᠠᠨ ᠠᠵᠠ ᠵᠢᠷᠭᠠᠯᠳᠤ ᠠᠮᠢᠳᠤᠷᠠᠯ ᠢᠶᠠᠨ ᠴᠤᠠᠠᠴᠠᠯᠠᠵᠦ ᠢᠷᠡᠵᠡᠢ᠃ ᠢᠩᠭᠢᠭᠡᠳ ᠠᠷᠪᠠᠨ ᠵᠢᠯ ᠤᠨ ᠡᠮᠦᠨ᠎ᠡ ᠲᠡᠳᠡ ᠲᠣᠭᠤᠰᠬᠠᠨ ᠪᠠᠶᠢᠰᠢᠩ ᠳᠤ ᠨᠡᠭᠦᠨ ᠤᠷᠤᠭᠰᠠᠨ ᠪᠠᠶᠢᠯ᠎ᠠ᠃    ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠡᠳᠡᠨᠡᠶᠢᠬᠢᠨ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠨ ᠢᠳᠡᠪᠬᠢᠲᠡᠢ ᠬᠦᠭᠵᠢᠭᠦᠯᠦᠨ ᠠᠵᠤ ᠠᠮᠢᠳᠤᠷᠠᠯ  ᠨᠢ ᠤᠯᠠᠮ ᠴᠢᠨᠡᠭᠡᠯᠢᠭᠵᠢᠵᠦ᠂ ᠣᠳᠤ ᠪᠤᠯᠬᠤ ᠳᠤ ᠮᠠᠯ ᠤᠨᠤᠭ᠎ᠠ ᠨᠢ 130 ᠦᠬᠡᠷ᠂ 80 ᠲᠡᠮᠡᠭᠡ᠂ 130 ᠠᠳᠤᠭᠤ᠂ ᠳᠠᠯᠠᠭᠠᠳ ᠢᠮᠠᠭ᠎ᠠ ᠪᠠ 180 ᠬᠤᠨᠢ ᠪᠤᠯᠤᠨ ᠦᠰᠴᠦ᠂ ᠲᠠᠪᠤᠨ ᠬᠤᠰᠢᠭᠤ ᠮᠠᠯ ᠢᠶᠠᠨ ᠲᠡᠭᠰᠢ ᠰᠠᠶᠢᠬᠠᠨ ᠮᠠᠯᠵᠢᠬᠤ ᠪᠤᠯᠪᠠ ᠃ ᠮᠠᠯ ᠪᠡᠯᠴᠢᠭᠡᠷ ᠤᠨ ᠲᠡᠩᠴᠡᠭᠦᠷᠢ ᠶᠢ ᠴᠢᠬᠤᠯᠠᠴᠢᠯᠠᠵᠦ ᠪᠠᠶᠢᠭ᠎ᠠ ᠡᠨᠡ ᠴᠠᠭ ᠦᠶ᠎ᠡ ᠳᠤ ᠲᠠᠪᠤᠨ ᠲᠦᠷᠦᠯ ᠤᠨ ᠮᠠᠯ ᠮᠠᠯᠵᠢᠨ᠎ᠠ ᠭᠡᠳᠡᠭ ᠨᠢ ᠦᠨᠡᠬᠡᠷ ᠬᠢᠯᠪᠠᠷ ᠠᠵᠤ ᠪᠢᠰᠢ ᠶᠤᠮ᠃ ᠠᠯᠲᠠᠨᠪᠠᠭᠠᠲᠤᠷ ᠮᠠᠯ ᠪᠡᠯᠴᠢᠭᠡᠷ ᠤᠨ ᠵᠦᠷᠢᠴᠡᠯᠳᠦ ᠪᠠᠶᠢᠳᠠᠯ ᠢᠶᠠᠨ ᠵᠤᠬᠢᠴᠠᠭᠤᠯᠬᠤ ᠪᠦᠳᠦᠮᠵᠢᠳᠡᠢ ᠠᠷᠭ᠎ᠠ ᠬᠠᠶᠢᠨ ᠰᠦᠪᠡᠭᠴᠢᠯᠡᠵᠦ᠂ ᠤᠯᠠᠮᠵᠢᠯᠠᠯᠳᠤ ᠮᠠᠯᠵᠢᠯ ᠤᠨ ᠠᠷᠭ᠎ᠠ ᠲᠤᠷᠰᠢᠯᠭ᠎ᠠ ᠪᠠᠨ ᠤᠳᠤᠬᠢᠴᠢᠯᠠᠭᠰᠠᠨ ᠮᠠᠯᠵᠢᠯ ᠤᠨ ᠬᠡᠯᠪᠡᠷᠢ ᠲᠠᠢ ᠤᠶᠠᠯᠳᠤᠭᠤᠯᠤᠨ ᠠᠰᠢᠠᠠᠯᠠᠵᠦ᠂ ᠦᠪᠡᠷ ᠤᠨ 810 ᠮᠦ ᠨᠤᠳᠤᠭ ᠪᠡᠯᠴᠢᠭᠡᠷ ᠲᠡᠭᠡᠷ᠎ᠡ ᠪᠠᠨ ᠲᠦᠮᠨ ᠢᠯᠡᠭᠦᠦ ᠮᠦ ᠨᠤᠳᠤᠭ ᠲᠦᠷᠢᠶᠡᠰᠦᠯᠡᠵᠦ᠂ ᠪᠦᠬᠦ ᠨᠤᠳᠤᠭ ᠢᠶᠠᠨ ᠭᠤᠷᠪᠠ ᠬᠤᠪᠢᠶᠠᠨ ᠰᠡᠯᠭᠦᠨ ᠮᠠᠯᠵᠢᠬᠤ ᠶᠢᠨ ᠲᠠᠭᠠᠤ᠂ ᠨᠤᠳᠤᠭ ᠢᠶᠠᠨ ᠲᠠᠯᠪᠢᠭᠠᠯ ᠪᠡᠯᠴᠢᠭᠡᠷ ᠢᠶᠠᠷ ᠦᠯᠡᠳᠡᠭᠡᠳᠡᠭ ᠪᠠᠶᠢᠯ᠎ᠠ᠃ ᠢᠩᠭᠢᠭᠰᠡᠨ ᠢᠶᠠᠷ ᠡᠳᠡᠨᠡᠶᠢᠬᠢᠨ ᠮᠠᠯ ᠤᠨᠤᠭ᠎ᠠ ᠪᠠᠨ ᠦᠰᠬᠡᠵᠦ ᠤᠷᠤᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠨᠤᠳᠤᠭ ᠪᠡᠯᠴᠢᠭᠡᠷ ᠢᠶᠠᠨ ᠴᠦ ᠬᠠᠮᠠᠭᠠᠯᠠᠪᠠ᠃ ᠡᠶᠢᠨᠬᠦ ᠠᠯᠲᠠᠨᠪᠠᠭᠠᠲᠤᠷ ᠤᠨ ᠬᠢᠨ 2020 ᠣᠨ ᠳᠤ 60 ᠭᠠᠷᠤᠢ ᠲᠦᠮᠡᠨ ᠲᠥᠭᠦᠷᠢᠭ ᠵᠠᠷᠤᠴᠠᠭᠤᠯᠤᠨ 200 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠬᠤᠶᠠᠷ ᠲᠠᠪᠬᠤᠷᠯᠢᠭ ᠲᠠᠢ ᠠᠰᠠᠷ ᠪᠠᠷᠢᠵᠦ ᠤᠳᠤᠬᠢᠴᠢᠯᠠᠭᠰᠠᠨ ᠮᠠᠶ᠋ᠢᠭ ᠤᠨ ᠰᠠᠭᠤᠴᠠ ᠲᠠᠢ ᠪᠤᠯᠬᠤ ᠮᠦᠷᠦᠭᠡᠳᠦᠯ ᠢᠶᠠᠨ ᠪᠡᠶᠡᠯᠡᠭᠦᠯᠪᠡ᠃    ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠪᠠ ᠮᠠᠯᠴᠢᠳ ᠤᠨ ᠠᠮᠢᠳᠤᠷᠠᠯ ᠤᠨ ᠲᠦᠪᠰᠢᠨ ᠲᠠᠰᠣᠷᠠᠯᠲᠠ ᠦᠭᠡᠢ ᠲᠡᠭᠡᠭᠰᠢᠯᠡᠬᠦ ᠶᠢ ᠲᠠᠭᠠᠯᠳᠤᠨ ᠤᠯᠠᠮ ᠠᠴᠠ ᠤᠯᠠᠮ ᠤᠯᠠᠨ ᠮᠠᠯᠴᠢᠳ ᠨᠠᠷᠢᠯᠢᠭ ᠰᠠᠶᠢᠬᠠᠨ ᠪᠦᠳᠦᠴᠡ  ᠲᠠᠢ ᠤᠳᠤᠬᠢᠴᠢᠯᠠᠭᠰᠠᠨ ᠮᠠᠶ᠋ᠢᠭ ᠤᠨ ᠲᠠᠩᠰᠤᠭ ᠰᠠᠭᠤᠴᠠ ᠪᠠᠶᠢᠭᠤᠯᠬᠤ ᠪᠤᠯᠵᠤ᠂ ᠭᠡᠷ ᠤᠷᠤᠨ ᠨᠢ ᠤᠯᠠᠮ ᠠᠭᠤᠵᠢᠮ ᠰᠠᠷᠠᠭᠤᠯ᠂ ᠡᠳ᠋ᠯᠡᠯ ᠬᠡᠷᠡᠭᠯᠡᠯ ᠨᠢ ᠲᠤᠬᠢᠯᠢᠭ ᠴᠡᠮᠴᠡᠭᠡᠷ᠂ ᠤᠷᠴᠢᠨ ᠠᠬᠤᠢ ᠨᠢ ᠴᠡᠪᠡᠷ ᠰᠠᠶᠢᠬᠠᠨ ᠪᠤᠯᠵᠤ᠂ ᠰᠢᠨ᠎ᠡ ᠬᠦᠳᠡᠭᠡ ᠲᠤᠰᠬᠤᠨ ᠤ ᠬᠦᠭᠵᠢᠯ ᠮᠠᠨᠳᠤᠯ ᠤᠨ ᠰᠢᠨ᠎ᠡ ᠲᠦᠷᠰᠦ ᠪᠠᠶᠢᠳᠠᠯ ᠢ ᠬᠠᠷᠠᠭᠤᠯᠬᠤ ᠪᠤᠯᠤᠭᠰᠠᠨ ᠪᠠᠶᠢᠨ᠎ᠠ᠃        
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号