ᠪᠠᠶᠠᠨᠬᠤᠰᠢᠭᠤ ᠭᠠᠴᠠᠭ᠎ᠠ ᠭᠡᠷ ᠪᠦᠯᠢ ᠶᠢᠨ ᠬᠦᠮᠦᠵᠢᠯ ᠤᠨ ᠠᠵᠢᠯᠯᠠᠭ᠎ᠠ ᠥᠷᠨᠢᠭᠦᠯᠪᠡ | | 7 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠣ ᠶᠢᠨ ᠭᠤᠤᠯ | ᠪᠠᠯᠭᠠᠰᠣᠨ ᠤ ᠪᠠᠶᠠᠨᠬᠤᠰᠢᠭᠤ ᠭᠠᠴᠠᠭᠠᠨ ᠤ ᠡᠮᠡᠭᠳᠡᠶᠢᠴᠦᠳ ᠤᠨ ᠬᠤᠯᠪᠣᠭ᠎ᠠ ᠨᠢ ︽ᠡᠮᠡᠭᠳᠡᠶᠢᠴᠦᠳ ᠤᠨ ᠰᠡᠳᠬᠢᠯ | ᠨᠠᠮ ᠳᠠᠭᠠᠨ ᠬᠠᠨᠳᠣᠨ ᠬᠤᠷᠢᠳᠣᠭᠠᠷ ᠶᠡᠭᠡ ᠬᠤᠷᠠᠯ ᠢ ᠪᠠᠶᠠᠷᠯᠠᠨ ᠣᠭᠳᠣᠬᠤ︾ ᠣᠬᠠᠭᠤᠯᠭ᠎ᠠ ᠬᠦᠮᠦᠵᠢᠯ ᠤᠨ | ᠠᠵᠢᠯᠯᠠᠭ᠎ᠠ ᠪᠠ ︽ᠬᠠᠦᠯᠢ ᠶᠢ ᠡᠷᠦᠬᠡ ᠳᠤ ᠬᠦᠷᠭᠡᠵᠦ᠂ ᠰᠢᠯᠢᠳᠡᠭ ᠭᠡᠷ ᠪᠦᠯᠢ ᠶᠢᠨ ᠬᠦᠮᠦᠵᠢᠯ ᠢᠶᠠᠷ ᠬᠡᠦᠬᠡᠳ ᠤᠨ | ᠦᠰᠦᠨ ᠪᠤᠶᠢᠵᠢᠯᠲᠠ ᠶᠢ ᠠᠬᠢᠭᠤᠯᠬᠤ︾ ᠭᠤᠣᠯ ᠰᠡᠳᠦᠪᠳᠦ ᠠᠵᠢᠯᠯᠠᠭ᠎ᠠ ᠥᠷᠨᠢᠭᠦᠯᠪᠡ ᠃ | ᠠᠵᠢᠯᠯᠠᠭ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠣᠨ ᠤ | ᠦᠢᠯᠡᠳᠦᠯᠭᠡ ᠶᠢᠨ ᠲᠦᠪ ᠤᠨ ᠳᠣᠯᠠᠭᠠᠨ ᠭᠡᠷ ᠪᠦᠯᠢ ᠬᠦᠮᠦᠵᠢᠯ ᠤᠨ ᠪᠦᠯᠬᠦᠮ ᠤᠨ ᠵᠢᠯᠣᠭᠤᠳᠣᠭᠴᠢ᠂ ᠠᠶᠢᠮᠠᠭ ᠤᠨ | ᠭᠡᠷ ᠪᠦᠯᠢ ᠶᠢᠨ ᠰᠣᠷᠭᠠᠨ ᠬᠦᠮᠦᠵᠢᠯ ᠤᠨ ᠵᠢᠯᠤᠭᠤᠳᠤᠭᠴᠢ᠂ ᠥᠪᠡᠷᠲᠡᠭᠡᠨ ᠵᠠᠰᠠᠬᠤ ᠣᠷᠣᠨ ᠤ ᠡᠮᠡᠭᠳᠡᠶᠢᠴᠦᠳ ᠤᠨ | ᠬᠤᠯᠪᠣᠭᠠᠨ ᠤ ᠭᠡᠷ ᠪᠦᠯᠢ ᠶᠢᠨ ᠬᠦᠮᠦᠵᠢᠯ ᠤᠨ ᠵᠢᠯᠤᠭᠤᠳᠤᠭᠴᠢ ᠲᠤᠶᠠᠭ᠎ᠠ ᠪᠠᠭᠰᠢ ᠶᠢ ᠤᠷᠠᠨ ᠵᠠᠯᠠᠵᠤ᠂ ᠭᠡᠷ | ᠪᠦᠯᠢ ᠶᠢᠨ ᠰᠣᠷᠭᠠᠨ ᠬᠦᠮᠦᠵᠢᠯ ᠤᠨ ᠳᠣᠬᠠᠢ ᠬᠢᠴᠢᠶᠠᠯ ᠣᠷᠣᠭᠤᠯᠵᠣ᠂ ᠪᠦᠰᠡᠭᠦᠶᠢᠴᠣᠳ ᠲᠤ ᠪᠠᠨ ᠭᠡᠷ ᠪᠦᠯᠢ | ᠶᠢᠨ ᠬᠦᠮᠦᠵᠢᠯ ᠤᠨ ᠮᠡᠳᠡᠯᠭᠡ ᠶᠢ ᠬᠦᠷᠭᠡᠬᠦ ᠶᠢᠨ ᠬᠠᠮᠳᠣ ᠲᠠᠭᠠᠣ ᠳᠤ ᠨᠢ ᠭᠡᠷ ᠪᠦᠯᠢ ᠶᠢᠨ ᠨᠤᠮ ᠤᠩᠰᠢᠬᠤ | ᠬᠦᠳᠡᠯᠭᠡᠭᠡᠨ ᠥᠷᠨᠢᠭᠦᠯᠵᠦ᠂ ᠭᠠᠴᠠᠭᠠᠨ ᠤ ᠪᠠᠨ ᠬᠦᠴᠢᠷᠳᠡᠯᠳᠡᠢ ᠲᠦᠷᠪᠡᠨ ᠡᠷᠦᠭᠡ ᠶᠢᠨ ᠬᠡᠦᠬᠡᠳ ᠲᠤ 300 | ᠭᠠᠷᠣᠢ ᠲᠦᠭᠦᠷᠢᠭ ᠤᠨ ᠥᠷᠳᠡᠭ ᠲᠠᠢ ᠨᠣᠮ ᠲᠡᠪᠳᠡᠷ ᠬᠦᠷᠭᠡᠭᠰᠡᠨ ᠪᠠᠶᠢᠨ᠎ᠠ᠃ |