ᠪᠠᠶᠠᠨᠬᠤᠰᠢᠭᠤ ᠰᠤᠮᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠶᠠᠷᠢᠯᠴᠠᠬᠤ ᠬᠤᠷᠠᠯ | ᠬᠤᠷᠠᠯᠳᠣᠪᠠ | | 8 ᠰᠠᠷ᠎ᠠ ᠶᠢᠨ 16 ᠤ ᠡᠳᠦᠷ᠂ ᠪᠠᠶᠠᠨᠬᠤᠰᠢᠭᠤ ᠰᠤᠮᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠶᠠᠷᠢᠯᠴᠠᠬᠤ ᠬᠤᠷᠠᠯ ᠬᠤᠷᠠᠯᠳᠣᠵᠡᠢ᠃ | ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ | ᠬᠠᠷᠢᠭᠤᠴᠠᠯᠭᠠᠲᠠᠨ ᠢ ᠤᠷᠢᠯᠭ᠎ᠠ ᠪᠠᠷ ᠤᠷᠤᠯᠴᠠᠭᠰᠠᠨ ᠪᠠᠶᠢᠨ᠎ᠠ᠃ | ᠶᠠᠷᠢᠯᠴᠠᠬᠤ ᠬᠤᠷᠠᠯ ᠳᠡᠭᠡᠷ᠎ᠡ᠂ ᠪᠠᠶᠠᠨᠬᠤᠰᠢᠭᠤ ᠰᠣᠮᠤᠨ ᠤ ᠬᠠᠷᠢᠭᠤᠴᠠᠯᠭᠠᠳᠠᠨ ᠠᠴᠠ ᠥᠩᠭᠡᠷᠡᠭᠰᠡᠨ | ᠬᠤᠭᠤᠴᠠᠭᠠᠨ ᠳᠤ ᠪᠥᠬᠦ ᠰᠤᠮᠤ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠥᠷᠨᠢᠭᠦᠯᠦᠭᠰᠡᠨ | ᠪᠠᠶᠢᠳᠠᠯ ᠪᠠ ᠬᠤᠶᠢᠰᠢᠳᠠ ᠬᠡᠷᠬᠢᠨ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠢ ᠶᠠᠷᠢᠵᠣ᠂ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ | ᠦᠶ᠎ᠡ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠬᠤ ᠲᠤᠬᠠᠢ | ᠰᠠᠨᠠᠯ︾ ᠤᠨ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠵᠢᠴᠢ ᠱᠠᠭᠠᠷᠳᠠᠯᠭ᠎ᠠ ᠳᠣᠷᠠᠳᠴᠠᠢ᠃ | ᠶᠠᠷᠢᠯᠴᠠᠬᠤ ᠬᠤᠷᠠᠯ ᠳᠤ᠂ ᠪᠤᠯᠠᠭᠠᠨ ᠭᠠᠴᠠᠭ᠎ᠠ᠂ ᠰᠠᠶᠢᠬᠠᠨᠨᠠᠭᠤᠷ ᠭᠠᠴᠠᠭ᠎ᠠ ᠨᠢ ︽ᠨᠢᠭᠡ ᠬᠤᠨᠢᠨ ᠤ ᠢᠨᠵᠧᠨᠧᠷᠢᠩ | ︾ ᠢ ᠪᠠᠷᠢᠮᠲᠠᠯᠠᠨ᠂ ᠲᠤᠷᠰᠢᠯᠭ᠎ᠠ ᠪᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠡᠯ᠎ᠡ ᠭᠠᠴᠠᠭᠠᠨ ᠤ ᠨᠠᠮ ᠤᠨ | ᠡᠭᠦᠷ ᠤᠨ ᠱᠦᠵᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠠᠵᠢᠯ ᠢᠶᠠᠨ | ᠥᠷᠨᠢᠭᠦᠯᠦᠭᠰᠡᠨ ᠪᠠᠶᠢᠳᠠᠯ᠂ ︽ᠲᠠᠪᠤᠨ ᠠᠬᠠᠮᠠᠳ︾ ᠤᠨ ᠦᠢᠯᠡᠳᠦᠯ ᠢ ᠪᠠᠳᠠᠷᠠᠭᠤᠯᠤᠭᠰᠠᠨ ᠵᠡᠷᠭᠡ ᠲᠠᠯ᠎ᠠ ᠶᠢᠨ ᠠᠷᠭ᠎ᠠ | ᠬᠢᠳᠡᠯ ᠢᠶᠠᠨ ᠬᠠᠷᠢᠯᠴᠠᠨ ᠰᠣᠯᠢᠯᠴᠠᠭᠰᠠᠨ ᠪᠥᠭᠡᠳ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ᠶᠣᠰᠣᠭᠠᠷ᠂ ᠰᠢᠨ᠎ᠡ ᠴᠠᠭ | ᠦᠶ᠎ᠡ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠬᠡᠷᠬᠢᠨ ᠰᠠᠶᠢᠲᠤᠷ ᠬᠢᠬᠦ᠂ ᠨᠠᠩ ᠣᠯᠠᠨ ᠠᠬᠠᠮᠠᠳ | ᠨᠥᠬᠦᠳ ᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠬᠡᠷᠬᠢᠨ ᠣᠷᠣᠯᠴᠠᠭᠤᠯᠬᠤ ᠲᠤᠬᠠᠢ ᠰᠠᠨᠠᠯ ᠢᠶᠠᠨ | ᠢᠯᠡᠳᠬᠡᠪᠡ᠃ | ᠪᠠᠷᠠᠭᠤᠨ ᠦᠵᠦᠮᠦᠴᠢᠨ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ᠬᠢᠨ ᠪᠠᠰᠠ ᠪᠠᠶᠠᠨᠬᠤᠰᠢᠭᠤ ᠰᠤᠮᠤᠨ ᠳᠤ ︽ᠳᠤᠮᠳᠠᠳᠤ ᠶᠢᠨ ᠰᠦᠭ ᠰᠦᠨᠡᠰᠦ︾ ᠭᠡᠬᠦ ᠭᠤᠣᠯ ᠰᠡᠳᠦᠪᠲᠦ | ᠬᠥᠮᠦᠵᠢᠯ ᠤᠨ ᠤᠩᠰᠢᠬᠤ ᠪᠢᠴᠢᠭ᠂ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾᠂ ︽ᠳᠤᠮᠳᠠᠳᠤ ᠶᠢᠨ | ᠰᠠᠶᠢᠨ ᠭᠡᠷ ᠤᠨ ᠰᠤᠷᠲᠠᠯ︾ ᠵᠡᠷᠭᠡ ᠰᠤᠷᠤᠯᠴᠠᠬᠤ ᠮᠠᠲ᠋ᠧᠷᠢᠶᠠᠯ ᠪᠡᠯᠡᠭᠯᠡᠵᠦ᠂ ᠦᠨᠡᠨ ᠠᠳᠬᠤᠨ ᠪᠣᠳᠠᠲᠠᠢ ᠪᠠᠷ | ᠠᠵᠢᠯᠯᠠᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ | ᠤᠨ ᠵᠦᠪᠯᠡᠯ ᠤᠨ ᠠᠵᠢᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠤᠷᠢᠶᠠᠯᠠᠪᠠ᠃ | | | | |