365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠤᠣᠯᠳᠠᠯᠭ᠎ᠠ ᠲᠠᠢ ᠣᠷᠣᠨ ᠳᠤᠭᠤᠷᠢᠭ ᠲᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠤᠷᠢᠳᠴᠢᠯᠠᠨ ᠰᠡᠷᠭᠡᠶᠢᠯᠡᠬᠦ ᠪᠥᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠬᠢᠬᠦ ᠲᠤᠬᠠᠢ ᠵᠠᠷᠯᠠᠯ
        ᠨᠡᠶᠢᠲᠡᠯᠡᠭᠰᠡᠨ ᠴᠠᠭ᠄
        2022/9/13
                ᠭᠤᠣᠯᠳᠠᠯᠭ᠎ᠠ ᠲᠠᠢ ᠣᠷᠣᠨ ᠳᠤᠭᠤᠷᠢᠭ ᠲᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠤᠷᠢᠳᠴᠢᠯᠠᠨ ᠰᠡᠷᠭᠡᠶᠢᠯᠡᠬᠦ ᠪᠥᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠬᠢᠬᠦ ᠲᠤᠬᠠᠢ ᠵᠠᠷᠯᠠᠯ                                            ︵29 ᠳ᠋ᠤᠭᠡᠷ ᠲᠤᠭᠠᠲᠦ︶     ᠮᠠᠨ ᠤ ᠬᠤᠰᠢᠭᠤᠨ ᠤ ᠤᠶᠢᠷᠠᠯᠴᠠᠭ᠎ᠠ ᠭᠠᠵᠠᠷ ᠣᠷᠣᠨ ᠳᠤ ᠵᠠᠯᠭᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠠᠷᠭ᠎ᠠ ᠴᠢᠨᠠᠷᠲᠠᠢ ᠡᠪᠡᠳᠴᠢᠳᠡᠨ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠠᠰᠢ ᠬᠦᠨᠳᠦ ᠪᠤᠳᠤᠯᠢᠶᠠᠨᠲᠠᠢ ᠪᠤᠯᠤᠭᠰᠠᠨ ᠪᠠᠶᠢᠨ᠎ᠠ᠃ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠭᠡᠮ ᠬᠦᠴᠢᠯ ᠢ ᠪᠠᠶᠢᠴᠠᠭᠠᠨ  ᠰᠢᠯᠭᠠᠵᠦ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠬᠦ ᠶᠢᠨ ᠳᠦᠯᠦᠭᠡ᠂ ᠬᠤᠰᠢᠭᠤ ᠵᠢᠯᠤᠭᠤᠳᠬᠤ ᠭᠡᠯᠳᠡᠰ ᠠᠴᠠ ᠶᠡᠷᠦᠳᠡ ᠶᠢᠨ ᠬᠢᠵᠦ ᠪᠠᠶᠢᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠰᠠᠭᠤᠷᠢᠨ ᠳᠡᠭᠡᠷ᠎ᠡ ᠪᠠᠨ᠂ 9 ᠰᠠᠷ᠎ᠠ ᠶᠢᠨ 14 ᠤ ᠡᠳᠦᠷ ᠠᠴᠠ 15 ᠤ ᠡᠳᠦᠷ ᠬᠤᠰᠢᠭᠤᠨ ᠳᠣᠲᠣᠷᠠᠬᠢ ᠭᠤᠣᠯᠳᠠᠯᠭ᠎ᠠ ᠲᠠᠢ ᠣᠷᠣᠨ ᠳᠤᠭᠤᠷᠢᠭ ᠲᠤ ᠬᠢᠵᠢᠭ ᠢ ᠤᠷᠢᠳᠴᠢᠯᠠᠨ ᠰᠡᠷᠭᠡᠶᠢᠯᠡᠬᠦ ᠪᠥᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠬᠢᠬᠦ ᠪᠠᠷ ᠲᠤᠭᠲᠠᠪᠠ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠶᠢᠨ ᠡᠳᠦᠷ ᠬᠠᠷᠢᠴᠠᠩᠭᠤᠢ ᠪᠠᠷ ᠤᠷᠤᠵᠦ ᠭᠠᠷᠬᠤ ᠶᠢ ᠵᠤᠭᠰᠤᠭᠠᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃   ᠨᠢᠭᠡ᠂ ᠪᠠᠶᠢᠴᠠᠭᠠᠯᠳᠠ ᠳᠤ ᠤᠷᠣᠯᠴᠠᠬᠤ ᠬᠦᠮᠦᠰ ᠤᠨ ᠬᠡᠪᠴᠢᠶ᠎ᠡ    ᠪᠠᠯᠭᠠᠷᠭᠤᠣᠯ ᠪᠠᠯᠭᠠᠰᠤᠨ ᠤ ᠬᠠᠷᠢᠶ᠎ᠠ ᠲᠣᠭᠤᠷᠢᠭ ᠤᠨ ᠪᠦᠬᠦ ᠰᠠᠭᠤᠭᠠᠯᠢ ᠠᠷᠠᠳ ︵ᠮᠠᠨ ᠤ ᠬᠤᠰᠢᠭᠤᠨ ᠤ ᠡᠷᠦᠬᠡ ᠠᠮᠠ ᠲᠠᠢ ᠬᠦᠮᠦᠨ᠂ ᠪᠠᠶᠢᠩᠭᠤ ᠰᠠᠭᠤᠭ᠎ᠠ ᠬᠥᠮᠥᠨ᠂ ᠨᠡᠭᠦᠳᠡᠯ ᠬᠦᠮᠦᠨ ᠠᠮᠠ ᠶᠢ ᠪᠠᠭᠲᠠᠭᠠᠨ᠎ᠠ︶᠂ ᠪᠠᠶᠠᠨᠬᠤᠸᠠ ᠪᠠᠯᠭᠠᠰᠤᠨ ᠤ ᠪᠠᠯᠭᠠᠰᠤᠨ ᠳᠤᠭᠤᠷᠢᠭ ᠤᠨ ᠪᠦᠬᠦ ᠰᠠᠭᠤᠭᠠᠯᠢ ᠠᠷᠠᠳ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠳᠤᠭᠤᠷᠢᠭ ᠤᠨ ᠠᠵᠤ ᠠᠬᠤᠶᠢᠯᠠᠯ ᠤᠨ ᠠᠵᠢᠯᠲᠠᠨ᠂ ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠬᠠᠷᠢᠶᠠᠨ ᠳᠠᠬᠢ 6 ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠳᠠᠨ᠂ ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠣᠲᠣᠷᠠᠬᠢ ᠡᠯ᠎ᠡ ᠰᠦᠢᠳᠬᠡᠯ ᠬᠤᠷᠢᠶᠠᠬᠤ ᠦᠷᠲᠡᠭᠡ᠂ ᠵᠠᠮ ᠤᠨ ᠶᠠᠪᠤᠳᠠᠯ ᠤᠨ ᠶᠡᠭᠡ ᠠᠩᠭᠢ᠂ ᠵᠠᠮ ᠢ ᠬᠠᠮᠠᠭᠠᠯᠠᠨ ᠰᠡᠯᠪᠢᠬᠦ ᠰᠠᠯᠪᠤᠷᠢ ᠪᠠ ᠲᠡᠮᠦᠷ ᠵᠠᠮ ᠤᠨ ᠲᠡᠭᠡᠭᠡᠪᠦᠷᠢ ᠶᠢᠨ ᠥᠷᠲᠡᠭᠡ ᠂ ᠵᠠᠮ ᠵᠠᠰᠠᠬᠤ ᠠᠵᠢᠯ ᠤᠨ ᠭᠠᠵᠠᠷ ᠤᠨ ᠠᠵᠢᠯᠳᠠᠨ ᠳᠤ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ᠃    ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠲᠠᠷᠢᠯᠭ᠎ᠠ ᠢ ᠲᠠᠷᠢᠭᠤᠯᠤᠭᠠᠳ 48 ᠴᠠᠭ ᠪᠣᠯᠤᠭ᠎ᠠ ᠦᠭᠡᠢ ᠬᠥᠮᠥᠰ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠳᠤ ᠣᠷᠤᠯᠴᠠᠬᠤ ᠦᠭᠡᠢ᠂ ᠭᠡᠬᠦ ᠳᠡᠭᠡᠨ ᠡᠷᠬᠡᠪᠰᠢ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠠᠵᠤ ᠠᠬᠤᠶᠢᠯᠠᠯ ᠳᠤ ᠪᠠᠨ  ᠮᠡᠳᠡᠬᠦᠯᠦᠨ ᠳᠠᠩᠰᠠᠯᠠᠭᠤᠯᠬᠤ ᠬᠡᠷᠡᠭᠲᠡᠢ᠃   ᠬᠤᠶᠠᠷ᠂ ᠴᠠᠭ ᠪᠠ ᠭᠠᠵᠠᠷ   ︵ᠨᠢᠭᠡ︶ ᠦᠯᠢᠭᠡᠷ ᠠᠪᠬᠤ ᠴᠠᠭ   2022 ᠣᠨ ᠤ 9 ᠰᠠᠷ᠎ᠠ ᠶᠢᠨ 14  ᠤ ᠡᠳᠦᠷ᠂ 15 ᠤ ᠡᠳᠦᠷ ᠬᠤᠶᠠᠷ ᠡᠳᠦᠷ᠃9 ᠰᠠᠷ᠎ᠠ ᠶᠢᠨ 14 ᠤ ᠡᠳᠦᠷ ᠤᠨ 6᠄ 00 —12᠄ 00 ᠴᠠᠭ ᠲᠤ᠂ ᠪᠠᠯᠭᠠᠷᠭᠤᠣᠯ ᠪᠠᠯᠭᠠᠰᠤᠨ ᠤ ᠬᠠᠷᠢᠶ᠎ᠠ ᠲᠣᠭᠤᠷᠢᠭ ᠤᠨ ᠪᠦᠬᠦ ᠰᠠᠭᠤᠭᠠᠯᠢ ᠠᠷᠠᠳ᠂  ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠬᠠᠷᠢᠶᠠᠨ ᠳᠠᠬᠢ 6 ᠭᠤᠣᠯᠳᠠᠯᠭ᠎ᠠ ᠲᠠᠢ ᠠᠵᠤ ᠠᠬᠤᠶᠢᠯᠠᠯ᠂ ᠪᠠᠶᠠᠨᠬᠤᠸᠠ ᠪᠠᠯᠭᠠᠰᠤ ︵ᠪᠠᠶᠠᠨᠬᠤᠸᠠ ᠪᠠᠯᠭᠠᠰᠤᠨ ᠳᠤᠭᠤᠷᠢᠭ ᠪᠠᠭᠲᠠᠬᠤ ᠦᠭᠡᠢ︶ ᠠᠴᠠ ᠪᠠᠷᠠᠭᠤᠨᠰᠢᠬᠢ ᠰᠦᠢᠳᠬᠡᠯ ᠬᠤᠷᠢᠶᠠᠬᠤ ᠥᠷᠲᠡᠭᠡ᠂ ᠵᠠᠮ ᠤᠨ ᠶᠠᠪᠤᠳᠠᠯ ᠤᠨ ᠶᠡᠭᠡ ᠠᠩᠭᠢ᠂ ᠵᠠᠮ ᠢ ᠬᠠᠮᠠᠭᠠᠯᠠᠨ ᠰᠡᠯᠪᠢᠬᠦ ᠰᠠᠯᠪᠤᠷᠢ ᠪᠠ ᠲᠡᠮᠦᠷ ᠵᠠᠮ ᠤᠨ ᠲᠡᠭᠡᠭᠡᠪᠦᠷᠢ ᠶᠢᠨ ᠥᠷᠲᠡᠭᠡ᠂ ᠵᠠᠮ ᠵᠠᠰᠠᠬᠤ ᠠᠵᠢᠯ ᠤᠨ ᠭᠠᠵᠠᠷ ᠤᠨ ᠠᠵᠢᠯᠲᠠᠨ ᠳᠤ ᠪᠦᠭᠡᠮ ᠤᠨ ᠬᠦᠴᠢᠯ ᠤᠨ ᠪᠠᠶᠢᠴᠠᠭᠠᠯᠳᠠ ᠬᠢᠨ᠎ᠡ᠃    9 ᠰᠠᠷ᠎ᠠ ᠶᠢᠨ 15 ᠤ ᠡᠳᠦᠷ ᠤᠨ 6᠄ 00 ︱ 12᠄ 00 ᠴᠠᠭ ᠲᠤ ᠪᠠᠶᠠᠨᠬᠤᠸᠠ ᠪᠠᠯᠭᠠᠰᠤᠨ ᠤ ᠪᠠᠯᠭᠠᠰᠤᠨ ᠳᠤᠭᠤᠷᠢᠭ ᠤᠨ ᠰᠠᠭᠤᠭᠠᠯᠢ ᠠᠷᠠᠳ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ  ᠪᠦᠬᠦ ᠠᠵᠤ ᠠᠬᠤᠶᠢᠯᠠᠯ᠂ ᠪᠠᠶᠠᠨᠬᠤᠸᠠ ᠪᠠᠯᠭᠠᠰᠤ ᠠᠴᠠ ᠵᠡᠭᠦᠨᠰᠢᠬᠢ ᠰᠦᠢᠳᠬᠡᠯ ᠬᠤᠷᠢᠶᠠᠬᠤ ᠥᠷᠲᠡᠭᠡ᠂ ᠵᠠᠮ ᠤᠨ ᠶᠠᠪᠤᠳᠠᠯ ᠤᠨ ᠶᠡᠭᠡ ᠠᠩᠭᠢ᠂ ᠵᠠᠮ ᠢ ᠬᠠᠮᠠᠭᠠᠯᠠᠨ ᠰᠡᠯᠪᠢᠬᠦ ᠰᠠᠯᠪᠤᠷᠢ ᠪᠠ ᠲᠡᠮᠦᠷ ᠵᠠᠮ ᠤᠨ ᠲᠡᠭᠡᠭᠡᠪᠦᠷᠢ ᠶᠢᠨ ᠥᠷᠲᠡᠭᠡ ᠂ ᠵᠠᠮ ᠵᠠᠰᠠᠬᠤ ᠠᠵᠢᠯ ᠤᠨ ᠭᠠᠵᠠᠷ ᠤᠨ ᠠᠵᠢᠯᠳᠠᠨ ᠳᠤ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ᠃   ︵ᠬᠤᠶᠠᠷ︶ ᠦᠯᠢᠭᠡᠷ ᠠᠪᠬᠤ ᠭᠠᠵᠠᠷ᠃  ᠰᠠᠭᠤᠭ᠎ᠠ ᠭᠠᠵᠠᠷ ᠤᠨ ᠪᠠᠶᠢᠷᠢᠯᠠᠭᠤᠯᠤᠭᠰᠠᠨ ᠡᠯ᠎ᠡ ᠦᠯᠢᠭᠡᠷ ᠠᠪᠬᠤ ᠭᠠᠵᠠᠷ ᠤᠳ᠃   ᠭᠤᠷᠪᠠ᠂ ᠠᠩᠬᠠᠷᠬᠤ ᠵᠦᠢᠯ    ︵ᠨᠢᠭᠡ︶ ᠪᠥᠭᠡᠮ ᠬᠦᠴᠢᠯ ᠤᠨ ᠦᠯᠢᠭᠡᠷ ᠠᠪᠬᠤ ᠠᠵᠢᠯᠯᠠᠭ᠎ᠠ ᠳᠤ ᠣᠷᠣᠯᠴᠠᠭᠰᠠᠳ ᠲᠤᠰ ᠬᠦᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ᠂ ᠬᠤᠪᠢ ᠬᠥᠮᠥᠨ ᠤ ᠬᠠᠮᠠᠭᠠᠯᠠᠯᠳᠠ ᠶᠢ ᠰᠠᠶᠢᠳᠤᠷ ᠬᠢᠵᠦ᠂ ᠪᠦᠬᠦ ᠶᠠᠪᠤᠴᠠ ᠳᠤ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠤᠳ᠋᠂ ᠠᠶᠠᠯᠠᠯ ᠤᠨ ᠺᠤᠳ᠋ ᠢᠶᠠᠨ ᠤᠷᠢᠳᠴᠢᠯᠠᠨ ᠭᠠᠷᠭᠠᠨ ᠦᠵᠡᠭᠦᠯᠵᠦ᠂  ᠬᠠᠷᠢᠶᠠᠯᠠᠭᠳᠠᠬᠤ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠲᠤᠭᠲᠠᠭᠰᠠᠨ ᠴᠠᠭ ᠬᠤᠭᠤᠴᠠᠭᠠᠨ ᠳᠤ ᠲᠤᠭᠲᠠᠭᠰᠠᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ᠃ ᠤᠶᠤᠨᠴᠢ ᠭᠠᠷ ᠤᠲᠠᠰᠤ ᠬᠡᠷᠡᠭᠯᠡᠵᠦ ᠪᠠᠶᠢᠬᠤ ᠦᠭᠡᠢ ᠨᠠᠰᠤᠲᠠᠳ ᠨᠢ ᠡᠷᠬᠡᠪᠰᠢ ᠪᠡᠶ᠎ᠡ ᠶᠢᠨ ᠦᠨᠡᠮᠯᠡᠯ ᠢᠶᠠᠨ ᠠᠪᠬᠤ ᠶᠢᠨ ᠬᠠᠮᠳᠤ ᠭᠠᠷ ᠤᠳᠠᠰᠤᠨ ᠤ ᠨᠤᠮᠧᠷ ᠢᠶᠠᠨ ᠡᠷᠬᠡᠪᠰᠢ ᠴᠠᠭᠠᠰᠤᠨ ᠳᠡᠭᠡᠷ᠎ᠡ ᠳᠡᠮᠳᠡᠭᠯᠡᠨ ᠪᠡᠯᠡᠳᠬᠡᠬᠦ ᠬᠡᠷᠡᠭᠲᠡᠢ᠃ ᠪᠡᠶ᠎ᠡ ᠶᠢᠨ ᠦᠨᠡᠮᠯᠡᠯ ᠦᠭᠡᠢ ᠬᠡᠦᠬᠡᠳ ᠪᠠ ᠭᠠᠷ ᠤᠲᠠᠰᠤ ᠦᠭᠡᠢ ᠨᠠᠰᠤᠨ ᠳᠤ ᠥᠯᠥ ᠬᠦᠷᠦᠭᠰᠡᠳ ᠤᠨ ᠡᠷᠡᠭᠦᠯ ᠮᠡᠨᠳᠦ ᠶᠢᠨ ᠺᠤᠳ᠋ ᠶᠢ ᠭᠡᠷ ᠤᠨ ᠠᠬᠠᠮᠠᠳ ᠨᠢ ᠬᠠᠷᠢᠭᠤᠴᠠᠨ ᠪᠡᠯᠡᠳᠬᠡᠬᠦ ᠶᠢᠨ ᠬᠠᠮᠳᠤ ᠳᠠᠭᠠᠭᠤᠯᠤᠨ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠳᠡᠢ᠃   ︵ᠬᠤᠶᠠᠷ︶ ᠪᠥᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠬᠤ ᠰᠠᠭᠤᠭᠠᠯᠢ ᠠᠷᠠᠳ᠂ ᠠᠵᠤ ᠠᠬᠤᠶᠢᠯᠠᠯ ᠤᠨ ᠠᠵᠢᠯᠲᠠᠨ᠂ ᠬᠥᠯᠥᠰᠦᠨ ᠠᠵᠢᠯᠲᠠᠳ ᠡᠮᠬᠢ ᠵᠢᠷᠤᠮ ᠲᠠᠢ ᠪᠠᠷ ᠮᠥᠷᠯᠡᠨ ᠬᠦᠯᠢᠶᠡᠵᠦ᠂ 1.5 ᠮᠧᠲᠷ ᠤᠨ ᠵᠠᠢ ᠶᠢ ᠪᠠᠳᠤᠯᠠᠨ᠂ ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠳᠤᠬᠢᠷᠠᠭᠤᠯᠭ᠎ᠠ ᠶᠢ ᠳᠠᠭᠠᠵᠦ᠂ ᠮᠦᠷᠯᠡᠵᠦ ᠪᠠᠶᠢᠬᠤ ᠳᠠᠭᠠᠨ ᠳᠤᠷ᠎ᠠ ᠪᠠᠷ ᠢᠶᠠᠨ ᠮᠦᠷ ᠱᠤᠭᠤᠮ ᠢᠶᠠᠨ ᠰᠣᠯᠢᠵᠤ ᠪᠣᠯᠬᠤ ᠦᠭᠡᠢ᠃ ᠨᠠᠰᠤᠲᠠᠶᠢᠴᠤᠳ ᠪᠠ ᠨᠠᠰᠤᠨ ᠳᠤ ᠦᠯᠦ ᠬᠦᠷᠦᠭᠰᠡᠳ ᠢ ᠰᠠᠨᠠᠭᠠᠴᠢᠯᠠᠭ᠎ᠠ ᠠᠴᠠ ᠪᠠᠨ ᠬᠠᠪᠰᠤᠷᠴᠦ᠂ ᠨᠡᠶᠢᠲᠡ ᠶᠢᠨ ᠶᠣᠰᠣ ᠰᠤᠷᠲᠠᠬᠤᠨ ᠢ ᠡᠷᠬᠢᠮᠯᠡᠨ᠂ ᠵᠠᠩ ᠰᠤᠷᠲᠠᠯ ᠢ ᠴᠢᠬᠤᠯᠠᠴᠢᠯᠠᠵᠤ᠂ ᠲᠠᠮᠠᠬᠢ ᠲᠠᠲᠠᠬᠤ ᠦᠭᠡᠢ᠂ ᠴᠤᠭᠯᠠᠷᠠᠬᠤ ᠦᠭᠡᠢ᠂ ᠵᠣᠭᠤᠭᠳᠠᠬᠤ ᠦᠭᠡᠢ ᠪᠠᠶᠢᠵᠦ᠂ ᠰᠤᠯᠪᠢᠴᠠᠨ ᠬᠠᠯᠳᠠᠪᠤᠷᠢᠯᠠᠬᠤ ᠪᠠᠶᠢᠳᠠᠯ ᠭᠠᠷᠬᠤ ᠠᠴᠠ ᠰᠡᠷᠭᠡᠶᠢᠯᠡᠬᠦ ᠬᠡᠷᠡᠭᠳᠡᠢ᠃ ᠦᠯᠢᠭᠡᠷ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠲᠤᠬᠠᠢ ᠶᠢᠨ ᠲᠠᠯᠠᠪᠤᠷ ᠤᠨ ᠠᠵᠢᠯᠲᠠᠨ ᠤ ᠨᠢᠭᠡᠳᠦᠯᠲᠡᠢ ᠵᠢᠯᠣᠭᠤᠳᠤᠯᠭ᠎ᠠ ᠳᠣᠣᠷ᠎ᠠ᠂  ᠳᠠᠷᠤᠶᠢᠬᠠᠨ ᠲᠣᠭᠲᠠᠭᠰᠠᠨ ᠵᠠᠮ ᠮᠦᠷ ᠢᠶᠠᠷ ᠭᠡᠷ ᠲᠡᠭᠡᠨ ᠬᠠᠷᠢᠵᠤ᠂ ᠬᠠᠮᠤᠭ ᠲᠡᠷᠢᠭᠦᠨ ᠳᠤ ᠠᠷᠢᠭᠤᠳᠬᠠᠬᠤ ᠠᠵᠢᠯ ᠢ ᠰᠠᠶᠢᠳᠤᠷ ᠬᠢᠬᠦ ᠬᠡᠷᠡᠭᠲᠡᠢ᠃    ︵ᠭᠤᠷᠪᠠ︶ ᠪᠥᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠬᠤ ᠪᠦᠬᠦᠶᠢᠯᠡ ᠠᠵᠢᠯᠳᠠᠳ ᠡᠷᠬᠡᠪᠰᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠤᠨ ᠨᠢᠭᠡᠳᠦᠯᠳᠡᠢ ᠠᠵᠢᠯ ᠤᠨ ᠦᠨᠡᠮᠯᠡᠯ ᠢᠶᠠᠷ ᠠᠵᠢᠯ ᠤᠨ ᠪᠠᠶᠢᠷᠢ ᠳᠤ ᠪᠠᠨ ᠭᠠᠷᠴᠦ᠂ ᠠᠵᠢᠯ ᠤᠨ ᠦᠨᠡᠮᠯᠡᠯ ᠦᠭᠡᠢ ᠬᠥᠮᠥᠰ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ ᠦᠭᠡᠢ᠃    ︵ᠳᠥᠷᠪᠡ︶ ᠪᠥᠭᠡᠮ ᠬᠦᠴᠢᠯ ᠤᠨ ᠪᠠᠶᠢᠴᠠᠭᠠᠯᠳᠠ ᠬᠢᠬᠦ ᠲᠤᠬᠠᠢ ᠶᠢᠨ ᠡᠳᠦᠷ ᠲᠤ᠂ ᠵᠣᠬᠢᠬᠤ ᠭᠠᠵᠠᠷ ᠣᠷᠣᠨ  ᠨᠢ ᠬᠠᠷᠢᠴᠠᠩᠭᠤᠢ ᠤᠷᠤᠵᠦ ᠭᠠᠷᠬᠤ ᠶᠢ ᠵᠤᠭᠰᠤᠭᠠᠬᠤ ᠪᠠᠶᠢᠳᠠᠯ ᠢ ᠪᠠᠳᠤᠯᠠᠵᠦ᠂ ᠡᠯ᠎ᠡ ᠣᠷᠣᠨ ᠰᠠᠭᠤᠴᠠ ᠶᠢᠨ ᠲᠣᠭᠤᠷᠢᠭ᠂ ᠭᠠᠴᠠᠭ᠎ᠠ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠢᠲᠡᠭᠦᠮᠵᠢᠯᠡᠨ ᠬᠠᠮᠢᠶᠠᠷᠴᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠨᠴᠠᠭᠠᠶ ᠠᠵᠢᠯ ᠤᠨ ᠪᠠᠶᠢᠷᠢ ᠠᠴᠠ ᠪᠤᠰᠤᠳ  ᠨᠢ ᠠᠵᠢᠯᠯᠠᠬᠤ ᠪᠠᠨ ᠲᠦᠷ ᠵᠣᠭᠰᠣᠵᠤ᠂ ᠪᠦᠬᠦᠶᠢᠯᠡ ᠠᠵᠤ ᠠᠬᠤᠶᠢᠯᠠᠯ᠂ ᠬᠤᠳᠠᠯᠳᠤᠭᠠᠨ ᠤ ᠭᠠᠵᠠᠷ᠂ ᠪᠠᠷᠢᠯᠭ᠎ᠠ ᠶᠢᠨ ᠭᠠᠵᠠᠷ ᠤᠨ ᠠᠵᠢᠯ ᠦᠢᠯᠡᠳᠪᠦᠷᠢᠯᠡᠯ ᠢ ᠨᠢ ᠵᠣᠭᠰᠣᠭᠠᠨ᠎ᠠ᠃ ᠤᠨᠴᠠᠭᠠᠢ ᠴᠢᠬᠤᠯᠠ ᠤᠴᠢᠷ ᠦᠭᠡᠢ ᠪᠣᠯ ᠬᠦᠳᠡᠭᠡᠨ ᠤ ᠬᠦᠮᠦᠰ ᠬᠤᠰᠢᠭᠤ ᠪᠠᠯᠭᠠᠰᠤᠨ ᠳᠤ ᠢᠷᠡᠬᠦ ᠦᠭᠡᠢ᠂ ᠬᠤᠳᠠ ᠲᠣᠭᠤᠷᠢᠭ ᠤᠨ ᠬᠥᠮᠥᠰ ᠭᠠᠳᠠᠭᠰᠢ ᠭᠠᠷᠬᠤ ᠦᠭᠡᠢ ᠪᠠᠶᠢᠬᠤ ᠬᠡᠷᠡᠭᠳᠡᠢ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠵᠠᠮ ᠳᠤ ᠬᠤᠷᠢᠭ᠎ᠠ ᠲᠠᠯᠪᠢᠬᠤ ᠶᠢᠨ ᠬᠠᠮᠳᠤ ᠵᠡᠭᠡᠯᠢ ᠳᠤᠭᠤᠷᠢᠭ ᠢ ᠬᠠᠮᠢᠶᠠᠷᠤᠨ ᠴᠠᠭᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠠᠵᠢᠯᠲᠠᠨ ᠪᠠ ᠲᠡᠷᠭᠡ ᠬᠥᠰᠬᠡ ᠠᠴᠠ ᠪᠤᠰᠤᠳ ᠢ ᠨᠢ ᠴᠥᠮ ᠭᠠᠳᠠᠭᠰᠢ ᠭᠠᠷᠬᠤ ᠶᠢ ᠴᠠᠭᠠᠵᠠᠯᠠᠨ᠎ᠠ᠃ ᠠᠵᠢᠯ ᠤᠨ ᠡᠭᠦᠷᠭᠡ ᠲᠠᠢ ᠠᠯᠪᠠᠨ ᠠᠵᠢᠯᠳᠠᠨ ᠪᠠ ᠣᠨᠴᠠᠭᠠᠶ ᠪᠠᠶᠢᠳᠠᠯ ᠠᠴᠠ ᠪᠤᠯᠵᠦ ᠬᠤᠰᠢᠭᠤᠨ ᠳᠤ ᠣᠷᠣᠬᠤ ᠴᠢᠬᠤᠯᠠᠲᠠᠢ ᠬᠦᠮᠦᠰ᠂ ᠣᠷᠣᠭᠰᠠᠨ ᠤ ᠳᠠᠷᠠᠭ᠎ᠠ ᠵᠠᠪᠠᠯ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ︵ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠲᠣᠭᠲᠠᠭᠰᠠᠨ ᠭᠠᠵᠠᠷ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠳᠡᠢ᠃     ︵ᠲᠠᠪᠤ︶ ᠶᠠᠪᠤᠵᠤ ᠰᠠᠭᠤᠬᠤ ᠳᠤ ᠳᠥᠭᠦᠮ ᠦᠭᠡᠢ ᠭᠠᠭᠴᠠᠭᠠᠷ ᠰᠠᠭᠤᠭ᠎ᠠ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠥᠰ ᠨᠢ ᠳᠠᠷᠤᠶᠢᠬᠠᠨ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠳ ᠲᠠᠭᠠᠨ ᠮᠡᠳᠡᠬᠦᠯᠦᠨ ᠳᠠᠩᠰᠠᠯᠠᠭᠤᠯᠵᠦ᠂ ᠨᠡᠶᠢᠭᠡᠮ ᠲᠣᠭᠤᠷᠢᠭ ᠤᠨ ᠬᠢᠨ ᠪᠣᠳᠠᠲᠠᠢ ᠪᠠᠶᠢᠳᠠᠯ ᠢ ᠨᠢ ᠦᠨᠳᠦᠰᠦᠯᠡᠨ᠂ ᠭᠡᠷ ᠲᠤ ᠨᠢ ᠬᠦᠷᠴᠦ  ᠪᠦᠭᠡᠮ ᠬᠦᠴᠢᠯ ᠤᠨ ᠪᠠᠶᠢᠴᠠᠭᠠᠯᠳᠠ ᠬᠢᠬᠦ ᠦᠢᠯᠡᠴᠢᠯᠡᠭᠡ ᠶᠢ ᠲᠣᠬᠢᠷᠠᠭᠤᠯᠤᠨ᠎ᠠ᠃    ︵ᠵᠢᠷᠭᠤᠭ᠎ᠠ︶ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠣᠯ ᠪᠦᠬᠦᠶᠢᠯᠡ ᠰᠠᠭᠤᠭᠠᠯᠢ ᠠᠷᠠᠳ ᠤᠨ ᠭᠦᠢᠴᠡᠳᠬᠡᠪᠡᠰᠦ ᠵᠣᠬᠢᠬᠤ ᠡᠭᠦᠷᠭᠡ ᠮᠥᠨ᠂ ᠥᠷᠭᠡᠨ ᠣᠯᠠᠨ ᠰᠠᠭᠤᠭᠠᠯᠢ ᠠᠷᠠᠳ᠂ ᠪᠠᠶᠢᠩᠭᠤ ᠰᠠᠭᠤᠭ᠎ᠠ ᠬᠥᠮᠥᠰ ᠵᠢᠴᠢ ᠭᠠᠳᠠᠨ᠎ᠠ ᠠᠴᠠ ᠢᠷᠡᠭᠰᠡᠨ ᠬᠥᠮᠥᠰ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠢᠭᠡ ᠡᠷᠦᠬᠡ᠂ ᠨᠢᠭᠡ ᠬᠦᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠦ᠂  ᠪᠠᠶᠢᠴᠠᠭᠠᠯᠳᠠ ᠬᠢᠯᠭᠡᠬᠦ ᠴᠢᠬᠤᠯᠠᠳᠠᠢ ᠬᠦᠮᠦᠨ ᠪᠦᠬᠦᠨ ᠴᠦᠮ ᠪᠠᠶᠢᠴᠠᠭᠠᠯᠳᠠ ᠬᠢᠯᠭᠡᠬᠦ ᠬᠡᠷᠡᠭᠳᠡᠢ᠃ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠳᠤ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠭᠠᠷᠭᠠᠬᠤ ᠦᠭᠡᠢ᠂ ᠥᠯᠢᠭᠡᠷ ᠠᠪᠤᠭᠰᠠᠨ ᠤ ᠳᠠᠷᠠᠭᠠᠬᠢ 24 ᠴᠠᠭ ᠤᠨ ᠳᠤᠳᠤᠷ᠎ᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠮᠡᠳᠡᠭᠳᠡᠯ ᠢ ᠣᠯᠣᠭᠰᠠᠨ ᠦᠭᠡᠢ ᠪᠠᠶᠢᠪᠠᠯ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠳᠠᠷᠤᠢ ᠪᠢᠯᠢᠭ ᠴᠢᠨᠠᠷᠲᠠᠢ ᠪᠣᠯᠬᠤ ᠶᠢ ᠬᠠᠷᠠᠭᠤᠯᠤᠨ᠎ᠠ᠃    ︵ᠳᠤᠯᠤᠭ᠎ᠠ︶ ᠰᠤᠷᠢᠯᠲᠠ ᠶᠢᠨ ᠶᠠᠪᠤᠴᠠ ᠶᠢ ᠬᠤᠰᠢᠭᠤ ᠬᠠᠮ ᠵᠠᠭᠤᠴᠢᠯᠠᠭᠤᠷ ᠤᠨ ᠲᠥᠪ ᠠᠴᠠ ᠰᠢᠩᠭᠡᠭᠡᠯᠳᠡ ᠬᠢᠵᠦ᠂ ᠪᠤᠰᠤᠳ ᠬᠦᠮᠦᠰ ᠳᠤᠷ᠎ᠠ ᠪᠠᠷ ᠢᠶᠠᠨ ᠰᠡᠭᠦᠳᠡᠷ ᠲᠠᠲᠠᠬᠤ᠂ ᠳᠦᠷᠰᠦ ᠰᠢᠩᠭᠡᠭᠡᠯᠲᠡ ᠬᠢᠬᠦ ᠶᠢ ᠴᠠᠭᠠᠵᠠᠯᠠᠨ᠂ ᠬᠠᠮᠢᠶ᠎ᠠ ᠪᠦᠬᠦᠢ ᠮᠡᠳᠡᠭᠡ ᠵᠠᠩᠭᠢ᠂ ᠵᠢᠷᠤᠭ᠂ ᠲᠦᠷᠰᠦ ᠰᠢᠩᠭᠡᠭᠡᠯᠲᠡ ᠵᠡᠷᠭᠡ ᠶᠢ ᠰᠦᠯᠵᠢᠶᠡᠨ ᠳᠤ ᠳᠠᠮᠵᠢᠭᠤᠯᠵᠦ ᠪᠣᠯᠬᠤ ᠦᠭᠡᠢ᠃ ᠪᠤᠷᠤᠭᠤ ᠲᠠᠯ᠎ᠠ ᠶᠢᠨ ᠲᠤᠰᠬᠠᠯ ᠭᠠᠷᠭᠠᠵᠤ᠂ ᠪᠦᠬᠦ ᠬᠤᠰᠢᠭᠤᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠳᠡᠢ᠃    ︵ᠨᠠᠢᠮᠠ︶ ᠬᠠᠮᠢᠶ᠎ᠠ ᠪᠦᠬᠦᠢ ᠰᠤᠮᠤ ᠪᠠᠯᠭᠠᠰᠤ᠂ ᠠᠵᠤ ᠠᠬᠤᠶᠢᠯᠠᠯ ᠤᠨ ᠪᠦᠬᠦᠶᠢᠯᠡ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠡᠷᠬᠡᠪᠰᠢ ᠰᠠᠨᠠᠭᠠᠴᠢᠯᠠᠭ᠎ᠠ   ᠠᠴᠠ ᠪᠠᠨ ᠪᠥᠭᠡᠮ ᠬᠦᠴᠢᠯ ᠤᠨ ᠪᠠᠶᠢᠴᠠᠭᠠᠯᠳᠠ ᠳᠤ ᠣᠷᠤᠯᠴᠠᠬᠤ ᠶᠢ ᠪᠠᠳᠤᠯᠠᠬᠤ ᠬᠡᠷᠡᠭᠲᠡᠢ᠃ ᠲᠣᠰ ᠤᠳᠠᠭᠠᠨ ᠤ ᠭᠤᠣᠯᠳᠠᠯᠭ᠎ᠠ ᠲᠠᠢ ᠣᠷᠣᠨ ᠳᠤᠭᠤᠷᠢᠭ ᠤᠨ ᠪᠥᠭᠡᠮ ᠬᠦᠴᠢᠯ ᠤᠨ  ᠪᠠᠶᠢᠴᠠᠭᠠᠯᠳᠠ ᠳᠠᠭᠤᠰᠤᠭᠰᠠᠨ ᠤ ᠳᠠᠷᠠᠭ᠎ᠠ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠷᠡ ᠳᠠᠷᠤᠢ ᠳᠤᠨᠢ ᠠᠵᠢᠯ ᠲᠥᠷᠥᠯ ᠬᠤᠪᠢᠶᠠᠨ ᠬᠢᠨᠠᠨ ᠬᠠᠷᠭᠤᠭᠤᠯᠵᠦ᠂ ᠲᠣᠰ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠭᠰᠠᠨ ᠦᠭᠡᠢ ᠬᠥᠮᠥᠰ ᠤᠨ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠡ ᠶᠢᠨ ᠬᠢᠨᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠢ ᠲᠦᠷ ᠵᠣᠭᠰᠣᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠦᠷᠢᠴᠡᠨ᠂ ᠴᠤᠤᠷᠬᠠᠯ ᠲᠠᠷᠬᠠᠭᠠᠭᠰᠠᠳ ᠠᠴᠠ ᠬᠠᠤᠯᠢ ᠶᠣᠰᠣᠭᠠᠷ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠶᠢᠰᠦ︶ ᠰᠡᠷᠭᠡᠶᠢᠯᠡᠯᠲᠡ ᠶᠢᠨ ᠴᠢᠨᠠᠷᠲᠠᠢ ᠪᠥᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠳᠤ ᠣᠷᠤᠯᠴᠠᠬᠤ ᠦᠭᠡᠢ ᠰᠤᠮᠤ ᠪᠠᠯᠭᠠᠰᠤᠨ ᠤ ᠮᠠᠯᠴᠢᠨ ᠲᠦᠮᠡᠨ  ᠰᠣᠷᠢᠯᠲᠠ ᠶᠢᠨ ᠬᠤᠭᠤᠴᠠᠭᠠᠨ ᠳᠤ ᠶᠠᠪᠤᠵᠦ ᠰᠠᠭᠤᠬᠤ ᠪᠠᠨ ᠪᠠᠭᠠᠰᠬᠠᠬᠤ ᠬᠡᠷᠡᠭᠲᠡᠢ᠃           ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ  ᠭᠡᠯᠳᠡᠰ                   2022 ᠣᠨ ᠤ 9 ᠰᠠᠷ᠎ᠠ ᠶᠢᠨ 12 ᠤᠨ ᠡᠳᠦᠷ
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号