ᠪᠠᠶᠠᠨᠬᠤᠸᠠ ᠪᠠᠯᠭᠠᠰᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠮᠡᠳᠡᠬᠦ ᠠᠵᠢᠯ ᠢ ᠯᠠᠪᠳᠠᠭᠤᠨ ᠪᠠᠲᠤᠲᠠᠢ | ᠥᠷᠨᠢᠭᠦᠯᠪᠡ | ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ | ᠬᠢᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠪᠥᠬᠦ | ᠪᠠᠯᠭᠠᠰᠤᠨ ᠤ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ | ᠪᠠᠶᠠᠨᠬᠤᠸᠠ ᠪᠠᠯᠭᠠᠰᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠤᠬᠠᠭᠤᠯᠤᠨ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠥᠯᠥ ᠬᠠᠯᠳᠠᠭᠠᠬᠤ ᠪᠠ | ᠠᠷᠢᠭᠤᠳᠬᠠᠵᠤ᠂ ᠡᠬᠢ ᠶᠢ ᠨᠢ ᠤᠰᠠᠳᠬᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ ᠮᠠᠨ ᠤ ᠪᠠᠯᠭᠠᠰᠤ ᠤᠷᠢᠳ | ᠬᠤᠵᠢᠳ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ 4 | ᠤᠳᠠᠭ᠎ᠠ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠹᠧᠩ ᠯᠢ | ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ ᠡᠩᠬᠡᠵᠢᠷᠭᠠᠯ ᠬᠤᠷᠠᠯ ᠢ | ᠡᠷᠭᠢᠯᠡᠵᠦ᠂ ᠪᠥᠬᠦ ᠪᠠᠯᠭᠠᠰᠤᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠨᠠᠷᠢᠨ | ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠪᠠᠯᠭᠠᠰᠤ ᠭᠠᠴᠠᠭ᠎ᠠ ᠬᠤᠶᠠᠷ ᠱᠠᠲᠤᠨ ᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠺᠣᠮᠫᠠᠨᠢ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠨ᠂ ᠬᠠᠷᠠᠯᠲᠠ ᠡᠭᠦᠷᠭᠡ ᠶᠢ ᠰᠠᠯᠭᠠᠨ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢᠨ | ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠶᠢ ᠱᠠᠭᠠᠷᠳᠠᠵᠤ᠂ ᠡᠯ᠎ᠡ | ᠲᠠᠯ᠎ᠠ ᠶᠢᠨ ᠬᠢᠨ ᠤ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠪᠠ᠃ | 9 ᠰᠠᠷ᠎ᠠ ᠶᠢᠨ 8 ᠤ ᠡᠳᠦᠷ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠳᠤᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠢᠶᠠᠷ | ᠪᠦᠷᠢᠯᠳᠦᠭᠰᠡᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠯᠤᠭᠤᠳᠬᠤ ᠳᠤᠭᠤᠶᠢᠯᠠᠩ ᠮᠠᠨ ᠤ | ᠪᠠᠯᠭᠠᠰᠤᠨ ᠳᠤ ᠭᠦᠨᠵᠡᠭᠡᠶᠢᠷᠡᠨ᠂ ᠬᠢᠵᠢᠭ ᠰᠡᠷᠭᠡᠶᠢᠯᠡᠬᠦ ᠠᠬᠢᠴᠠ᠂ ᠬᠢᠵᠢᠭ ᠰᠡᠷᠭᠡᠶᠢᠯᠡᠬᠦ ᠨᠢᠭᠲᠠᠴᠠ ᠪᠠ ᠶᠠᠰᠤ | ᠴᠢᠨᠠᠷ ᠢ ᠱᠠᠭᠠᠷᠳᠠᠨ ᠪᠠᠶᠢᠴᠠᠭᠠᠵᠤ᠂ ᠮᠠᠨ ᠤ ᠪᠠᠯᠭᠠᠰᠤᠨ ᠠᠴᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠬᠦ ᠶᠢ ᠱᠠᠭᠠᠷᠳᠠᠵᠤ᠂ ᠬᠢᠵᠢᠭ ᠰᠡᠷᠭᠡᠶᠢᠯᠡᠬᠦ ᠠᠵᠢᠯ ᠢ ᠤᠷᠤᠭᠰᠢᠲᠠᠢ ᠲᠦᠯᠬᠢᠨ ᠠᠬᠢᠭᠤᠯᠪᠠ᠃ | ᠵᠢᠯᠤᠭᠤᠳᠬᠤ ᠳᠤᠭᠤᠶᠢᠯᠠᠩ ᠤᠨ ᠬᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮ ᠤᠨ ᠵᠦᠢᠯᠡᠰ ᠤᠨ | ᠨᠥᠭᠡᠴᠡᠯᠡᠯᠲᠡ ᠶᠢᠨ ᠪᠠᠶᠢᠳᠠᠯ᠂ ᠬᠢᠵᠢᠭ ᠢ ᠰᠡᠷᠭᠡᠶᠢᠯᠡᠬᠦ ᠡᠬᠡ ᠳᠠᠩᠰᠠ᠂ ᠡᠭᠡᠯᠢᠯᠡᠭᠡ ᠶᠢᠨ ᠳᠠᠩᠰᠠ ᠡᠪᠬᠡᠮᠡᠯ᠂ | ᠸᠠᠺᠼᠢᠨ ᠤ ᠲᠠᠷᠬᠠᠭᠠᠯᠲᠠ ᠶᠢᠨ ᠲᠡᠮᠳᠡᠭᠯᠡᠯ ᠵᠢᠴᠢ ᠮᠠᠯᠵᠢᠬᠤ ᠡᠷᠦᠬᠡ ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ | ᠮᠠᠨ ᠤ ᠪᠠᠯᠭᠠᠰᠤᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ | ᠵᠢᠯᠤᠭᠤᠳᠬᠤ ᠴᠢᠨᠠᠷᠲᠠᠢ ᠰᠠᠨᠠᠯ ᠭᠠᠷᠭᠠᠪᠠ᠃ | ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠨᠡᠶᠢᠭᠡᠮᠴᠢᠯᠡᠭᠰᠡᠨ | ᠦᠢᠯᠡᠴᠢᠯᠡᠭᠡᠨ ᠤ ᠺᠣᠮᠫᠠᠨᠢ ᠶᠢ ᠱᠠᠭᠠᠷᠳᠠᠵᠤ᠂ ᠡᠭᠡᠯᠢᠯᠡᠭᠡ ᠶᠢᠨ ᠠᠵᠢᠯᠯᠠᠭᠠᠨ ᠤ ᠳᠦᠷᠢᠮ ᠢ ᠴᠢᠩᠭ᠎ᠠ ᠵᠢᠷᠤᠮᠯᠠᠨ᠂ | ᠡᠭᠡᠯᠢᠯᠡᠭᠡ ᠶᠢᠨ ᠲᠠᠷᠢᠯᠭ᠎ᠠ ᠪᠠ ᠠᠷᠢᠭᠤᠳᠬᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠸᠠᠺᠼᠢᠨ ᠤ | ᠬᠠᠮᠢᠶᠠᠷᠤᠯᠲᠠ᠂ ᠲᠠᠩᠰᠠ ᠡᠪᠬᠡᠮᠡᠯ ᠤᠨ ᠪᠠᠶᠢᠭᠤᠯᠤᠯᠲᠠ ᠵᠡᠷᠭᠡ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ | ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠮᠠᠯ ᠤᠨ | ᠲᠠᠷᠢᠯᠭ᠎ᠠ ᠶᠢ ᠡᠷᠬᠡᠪᠰᠢ ᠰᠠᠶᠢᠳᠤᠷ ᠲᠠᠷᠢᠵᠦ᠂ ᠡᠪᠡᠳᠴᠢᠨ ᠬᠢᠵᠢᠭ ᠢ ᠰᠠᠶᠢᠳᠤᠷ ᠰᠡᠷᠭᠡᠶᠢᠯᠡᠨ᠎ᠡ᠃ |