ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠪᠠᠶᠠᠨᠬᠤᠰᠢᠭᠤ ᠰᠤᠮᠤᠨ ᠤ ᠨᠢᠭᠡᠳᠦᠮᠡᠯ | ᠹᠷᠣᠨᠲ ᠤᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠭᠠᠨ | ᠵᠢᠯᠤᠭᠤᠳᠪᠠ | | | 9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠱᠠᠭᠠᠷᠳᠠᠨ ᠵᠢᠯᠤᠭᠤᠳᠬᠤ ᠳᠤᠭᠤᠶᠢᠯᠠᠩ ᠨᠢ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ | ᠱᠠᠰᠢᠨ ᠰᠤᠷᠲᠠᠬᠤᠨ ᠤ ᠠᠵᠢᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ | ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠱᠠᠭᠠᠷᠳᠠᠨ ᠪᠠᠶᠢᠴᠠᠭᠠᠯᠲᠠ ᠬᠢᠪᠡ᠃ | ᠱᠠᠭᠠᠷᠳᠠᠨ ᠵᠢᠯᠤᠭᠤᠳᠬᠤ ᠳᠤᠭᠤᠶᠢᠯᠠᠩ ᠨᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ | ᠳᠠᠮᠵᠢᠭᠤᠯᠤᠨ ᠮᠠᠨ ᠤ ᠰᠤᠮᠤᠨ ᠤ ᠲᠦᠷᠦᠭᠦᠸ ᠬᠠᠭᠠᠰ ᠵᠢᠯ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ | ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠵᠦ | ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ | | | ᠳᠠᠷᠠᠭ᠎ᠠ ᠨᠢ ᠨᠢᠭᠡᠳᠦᠮᠡᠯ ᠹᠷᠣᠨᠲ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠬᠠᠷᠢᠯᠴᠠᠨ | ᠰᠤᠷᠤᠯᠴᠠᠵᠤ ᠬᠠᠷᠢᠯᠴᠠᠨ ᠠᠬᠢᠭᠤᠯᠬᠤ ᠲᠤᠬᠠᠢ ᠶᠢᠨ ᠲᠠᠯᠠᠪᠠᠶ ᠶᠢᠨ ᠬᠤᠷᠠᠯ ᠢ ᠬᠤᠷᠠᠯᠳᠤᠭᠤᠯᠵᠤ᠂ ᠡᠩ ᠲᠡᠷᠢᠭᠦᠨ ᠳᠤ | ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠨᠠᠮ ᠤᠨ ᠦᠨᠳᠦᠰᠦᠲᠡᠨ ᠤ ᠣᠨᠣᠯ ᠤᠨ ᠮᠡᠳᠡᠯᠭᠡ ᠶᠢᠨ | ᠰᠢᠯᠭᠠᠯᠲᠠ ᠶᠢ ᠥᠷᠨᠢᠭᠦᠯᠵᠦ᠂ ᠳᠠᠷᠠᠭ᠎ᠠ ᠨᠢ ᠱᠠᠭᠠᠷᠳᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠰᠤᠮᠤᠨ ᠤ | ᠭᠤᠣᠯ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠲᠠᠢ | ᠶᠠᠷᠢᠯᠴᠠᠭᠰᠠᠨ ᠤ ᠬᠠᠮᠳᠤ ᠮᠠᠨ ᠤ ᠰᠤᠮᠤᠨ ᠤ 2022 ᠣᠨ ᠤ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠪᠠᠬᠢᠵᠢᠭᠦᠯᠬᠦ ᠤᠬᠠᠮᠰᠠᠷ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ | | | | | ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ ᠵᠢᠴᠢ | ᠦᠨᠳᠦᠰᠦᠲᠡᠨ ᠤ ᠠᠵᠢᠯ ᠢ ᠨᠤᠲᠠᠯᠠᠬᠤ ᠶᠢᠨ ᠬᠠᠮᠲᠤ ᠵᠢᠯᠤᠭᠤᠳᠬᠤ ᠰᠠᠨᠠᠯ ᠳᠤᠷᠠᠳᠴᠤ᠂ ᠨᠢᠭᠡᠳᠦᠮᠡᠯ ᠹᠷᠣᠨᠲ ᠤᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ | ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ | ᠨᠢᠭᠡᠳᠦᠮᠡᠯ ᠹᠷᠣᠨᠲ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠦᠨᠡᠨ ᠬᠦ ᠣᠷᠣᠭᠤᠯᠵᠤ᠂ | ᠤᠯᠤᠰ ᠲᠦᠷᠦ ᠶᠢᠨ ᠤᠳᠤᠷᠢᠳᠤᠮᠵᠢ ᠶᠢ ᠲᠣᠪᠤᠶᠢᠯᠭᠠᠨ᠂ ᠲᠠᠨᠢᠯᠲᠠ ᠪᠠᠨ ᠨᠡᠮᠡᠭᠳᠡᠭᠦᠯᠦᠨ ᠵᠣᠭᠰᠣᠴᠠ ᠪᠠᠨ | ᠳᠡᠭᠡᠭᠰᠢᠯᠡᠭᠦᠯᠵᠦ᠂ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠬᠦᠷᠢᠶ᠎ᠡ᠂ | ᠪᠠᠭᠤᠷᠠᠢ ᠭᠤᠭᠴᠤᠭ᠎ᠠ ᠳᠤ ᠦᠵᠡᠯ ᠰᠠᠨᠠᠭᠠᠨ ᠤ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ ᠴᠢᠷᠮᠠᠶᠢᠨ ᠨᠡᠭᠡᠭᠡᠵᠦ᠂ | ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠪᠠᠳᠠᠷᠠᠭᠤᠯᠵᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠡᠭᠦᠨ ᠤ ᠬᠠᠮᠲᠤ ᠡᠯ᠎ᠡ ᠰᠤᠮᠤᠨ ᠤ ᠨᠢᠭᠡᠳᠦᠮᠡᠯ | ᠹᠷᠣᠨᠲ ᠤᠨ ᠭᠡᠰᠢᠭᠦᠳ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ ᠳᠤ ᠡᠷᠬᠢᠮ ᠨᠠᠨᠳᠢᠨ ᠰᠠᠨᠠᠯ ᠢᠶᠠᠨ | ᠳᠤᠷᠠᠳᠤᠭᠰᠠᠨ ᠪᠠᠶᠢᠨ᠎ᠠ᠃ |