365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2023/1/11
              ᠪᠠᠷᠠᠭᠤᠨ ᠦᠵᠦᠮᠦᠴᠢᠨ ᠬᠤᠰᠢᠭᠤ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠠᠵᠢᠯᠯᠠᠭ᠎ᠠ ᠥᠷᠨᠢᠭᠦᠯᠪᠡ                                       ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠷᠡᠭᠴᠡᠭᠡ ᠪᠠ ᠴᠢᠰᠤᠨ ᠤ ᠠᠮᠤᠷ ᠲᠦᠪᠰᠢᠨ ᠢ ᠪᠠᠲᠤᠯᠠᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ  ᠬᠠᠮᠠᠭᠠᠯᠠᠬᠤ ᠶᠢᠨ  ᠲᠣᠰᠠᠲᠠ 1 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠯᠢ ᠶᠢᠨ ᠭᠤᠣᠯ ᠠᠶᠢᠮᠠᠭ ᠤᠨ ᠭᠤᠣᠯ ᠴᠢᠰᠤᠨ ᠤ ᠥᠷᠲᠡᠭᠡ ᠬᠠᠮᠲᠤᠷᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃
             ᠲᠣᠰ ᠤᠳᠠᠭᠠᠨ ᠤ ᠠᠵᠢᠯᠯᠠᠭ᠎ᠠ ᠳᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ︵ᠪᠠᠶᠠᠨᠬᠤᠸᠠ ᠬᠤᠶᠠᠳᠤᠭᠠᠷ ᠨᠣᠮᠧᠷᠲᠤ ᠠᠭᠤᠷᠬᠠᠢ︶ ᠳᠤ ᠭᠦᠨᠵᠡᠭᠡᠶᠢᠷᠡᠵᠦ᠂ ᠥᠷᠭᠡᠨ ᠣᠯᠠᠨ ᠠᠵᠢᠯᠲᠠᠨ ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠴᠢᠰᠤ ᠬᠠᠨᠳᠢᠪᠯᠡᠬᠤ ᠶᠠᠪᠤᠴᠠ ᠶᠢ ᠴᠢᠩᠭ᠎ᠠ ᠵᠢᠷᠤᠮᠯᠠᠨ ᠢᠳᠡᠪᠬᠢᠲᠡᠢ ᠪᠠᠷ ᠴᠢᠰᠤ ᠬᠠᠨᠳᠢᠪᠯᠡᠬᠤ ᠳᠠᠩᠰᠠᠯᠠᠯᠲᠠ ᠬᠢᠵᠦ᠂ ᠴᠢᠰᠤᠨ ᠳᠠᠷᠤᠯᠲᠠ ᠶᠢ ᠬᠡᠮᠵᠢᠨ᠂ ᠴᠢᠰᠤ ᠠᠪᠬᠤ ᠬᠢᠮᠢ ᠶᠢᠨ ᠪᠠᠶᠢᠴᠠᠭᠠᠯᠲᠠ ᠬᠢᠵᠦ᠂ ᠴᠢᠰᠤ ᠶᠢ ᠲᠣᠳᠣᠯᠠᠵᠤ᠂ ᠬᠢᠷᠢ ᠲᠡᠩᠴᠡᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ ᠴᠢᠰᠤ ᠬᠠᠨᠳᠢᠪᠯᠡᠵᠤ᠂ ᠨᠡᠶᠢᠭᠡᠮ ᠨᠡᠶᠢᠲᠡ ᠳᠤ ᠥᠪᠡᠷ ᠤᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢᠶᠠᠨ ᠬᠠᠨᠳᠢᠪᠯᠡᠪᠠ᠃
          ᠲᠣᠰ ᠤᠳᠠᠭᠠᠨ ᠤ ᠴᠢᠰᠤ ᠥᠭᠬᠦ ᠠᠵᠢᠯᠯᠠᠭ᠎ᠠ ᠳᠤ ᠨᠡᠶᠢᠲᠡ 64 ᠠᠵᠢᠯᠲᠠᠨ ᠣᠷᠣᠯᠴᠠᠵᠤ᠂ ᠶᠡᠷᠦᠩᠬᠡᠢ ᠴᠢᠰᠤ ᠥᠭᠭᠦᠭᠰᠡᠨ ᠬᠡᠮᠵᠢᠶ᠎ᠡ ᠨᠢ 12300 ᠮᠢᠯᠢᠯᠢᠲᠷ ᠬᠦᠷᠴᠦ᠂ ᠥᠷᠭᠡᠨ ᠤᠯᠠᠨ  ᠠᠵᠢᠯᠴᠢᠨ ᠲᠦᠮᠡᠨ  ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠ ᠬᠠᠶᠢᠷ᠎ᠠ ᠰᠡᠳᠬᠢᠯᠭᠡ ᠪᠠᠷ ᠢᠶᠠᠨ ᠠᠮᠢ ᠨᠠᠰᠤ  ᠪᠠᠨ ᠦᠷᠭᠦᠯᠵᠢᠯᠡᠭᠦᠯᠬᠦ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠢᠶᠠᠷ ᠢᠳᠢᠪᠬᠢᠯᠡᠨ ᠴᠢᠰᠣ ᠬᠠᠨᠳᠢᠪᠯᠠᠨ᠂ ᠤᠯᠠᠨ ᠢᠶᠠᠷ ᠢᠶᠠᠨ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠪᠠᠷᠠᠬᠤ ᠦᠭᠡᠢ᠂ ᠪᠤᠰᠤᠳ ᠢ ᠬᠠᠯᠠᠮᠵᠢᠯᠠᠬᠤ ᠤᠬᠠᠮᠰᠠᠷ ᠢᠶᠠᠨ ᠴᠢᠩᠭᠠᠳᠬᠠᠵᠤ᠂ ᠬᠡᠷᠡᠭᠴᠡᠭᠡ ᠲᠠᠢ ᠬᠥᠮᠥᠰ ᠲᠤ ᠠᠮᠢ ᠨᠠᠰᠤᠨ ᠤ ᠬᠦᠰᠡᠯ ᠡᠷᠡᠮᠡᠯᠵᠡᠯ ᠢ ᠠᠪᠴᠢᠷᠠᠵᠤ ᠥᠭᠭᠦᠭᠰᠡᠨ ᠳᠡᠭᠡᠨ ᠮᠠᠰᠢ ᠢᠷᠠᠭᠤ ᠠᠯᠳᠠᠷ ᠲᠠᠢ ᠪᠥᠭᠡᠳ ᠮᠠᠰᠢ ᠣᠮᠣᠭᠰᠢᠯ ᠲᠠᠢ ᠪᠠᠶᠢᠨ᠎ᠠ ᠭᠡᠵᠦ ᠢᠯᠡᠳᠬᠡᠵᠡᠭᠡᠪᠡ᠃
          ᠰᠣᠷᠪᠣᠯᠵᠢᠯᠠᠭ᠎ᠠ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠶᠢᠨ ᠠᠵᠢᠯᠲᠠᠨ ᠵᠠᠩ ᠬᠠᠩ᠄ ︽ᠡᠨᠡ ᠤᠳᠠᠭᠠᠨ ᠤ ᠴᠢᠰᠤ ᠥᠭᠬᠦ ᠠᠵᠢᠯᠯᠠᠭ᠎ᠠ ᠳᠤ ᠣᠷᠤᠯᠴᠠᠬᠤ ᠪᠣᠯᠤᠭᠰᠠᠨ ᠳᠠᠭᠠᠨ ᠲᠤᠩ ᠪᠠᠶᠠᠷ ᠲᠠᠢ ᠪᠠᠶᠢᠨ᠎ᠠ᠂ ᠮᠢᠨᠤ ᠦᠵᠡᠬᠦ ᠪᠠᠷ ᠡᠨᠡ ᠪᠣᠯ ᠮᠠᠰᠢ ᠤᠳᠬ᠎ᠠ ᠠᠭᠤᠯᠭ᠎ᠠ ᠲᠠᠢ ᠶᠠᠪᠤᠳᠠᠯ ᠮᠥᠨ᠂ ᠥᠪᠡᠷ ᠤᠨ ᠪᠡᠶ᠎ᠡ ᠳᠡᠭᠡᠨ ᠠᠰᠢᠭᠲᠠᠢ ᠪᠠᠷ ᠪᠠᠷᠠᠬᠤ ᠦᠭᠡᠢ᠂ ᠪᠤᠰᠤᠳ ᠢ ᠴᠤ ᠬᠠᠪᠰᠤᠷᠤᠨ᠎ᠠ᠃  ᠪᠤᠰᠤᠳ ᠤᠨ ᠠᠮᠢ ᠨᠠᠰᠤ ᠡᠷᠡᠭᠦᠯ ᠮᠡᠨᠳᠦ ᠶᠢ ᠠᠪᠤᠷᠠᠬᠤ ᠶᠢ ᠪᠣᠳᠣᠭᠠᠳ ᠪᠢ ᠴᠢᠰᠣ ᠬᠠᠨᠳᠢᠪᠯᠠᠭᠰᠠᠨ ᠳᠤ ᠪᠠᠨ ᠲᠤᠶᠢᠯ ᠤᠨ ᠠᠵᠠ ᠵᠠᠪᠰᠢᠶᠠᠨ ᠲᠠᠢ ᠭᠡᠵᠦ  ᠪᠤᠳᠤᠵᠣ ᠪᠠᠶᠢᠨ᠎ᠠ︾ ᠭᠡᠯ᠎ᠡ᠃  
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号