ᠮᠠᠯᠴᠢᠳ ᠲᠤ 20 ᠭᠠᠷᠤᠢ ᠲᠦᠮᠠᠨ ᠲᠦᠭᠦᠷᠡᠭ ᠤᠨ ᠠᠰᠢᠭ ᠬᠤᠪᠢᠶᠠᠷᠢᠯᠠᠯ᠎ᠠ | | ᠦᠢᠷ᠎ᠡ ᠳᠤ᠂ ᠪᠠᠶᠠᠠᠩᠬᠤᠰᠢᠭᠤ ᠰᠣᠮᠤᠨ ᠤ ᠰᠠᠶᠢᠠᠬᠠᠨᠨᠠᠭᠤᠷ ᠭᠠᠴᠠᠭᠠᠨ ᠤ ᠬᠤᠪᠢ ᠤᠷᠤᠭᠤᠯᠤᠭᠰᠠᠨ ᠠᠵᠦ | ᠠᠬᠤᠢ ᠶᠢᠨ ᠬᠤᠷᠰᠢᠶᠠᠵᠢᠯ ᠨᠢ ᠨᠢᠬᠡ ᠵᠢᠯ ᠤᠨ ᠠᠰᠢᠭ ᠤᠷᠤᠯᠭ᠎ᠠ ᠪᠠᠨ ᠳ᠋ᠦᠩᠨᠠᠨ ᠮᠠᠯᠴᠢᠳ ᠳᠠᠭᠠᠨ ᠠᠰᠢᠭ | ᠬᠤᠪᠢᠶᠠᠭᠰᠠᠨ ᠪᠠᠶᠢᠨ᠎ᠠ᠃ | ᠪᠠᠶᠠᠠᠩᠬᠤᠰᠢᠭᠤ ᠰᠣᠮᠤᠨ ᠤ ᠰᠠᠶᠢᠠᠬᠠᠨᠨᠠᠭᠤᠷ ᠭᠠᠴᠠᠭᠠᠨ ᠤ ᠬᠤᠪᠢ ᠤᠷᠤᠭᠤᠯᠤᠭᠰᠠᠨ ᠠᠵᠦ ᠠᠬᠤᠢ ᠶᠢᠨ | ᠬᠤᠷᠰᠢᠶᠠᠵᠢᠯ ᠨᠢ2018 ᠤᠨ ᠳᠤ ᠪᠠᠶᠢᠭᠤᠯᠤᠭᠳᠠᠨ᠂ ᠬᠤᠪᠢ ᠤᠷᠤᠭᠤᠯᠤᠭᠰᠠᠨ ᠶᠠᠷᠤᠩᠬᠡᠢ ᠦᠷᠳᠡᠭ | 2156484.43 ᠲᠦᠭᠦᠷᠡᠭ ᠭᠦᠷᠴᠦ᠂ ᠮᠠᠯ ᠪᠠᠯᠴᠢᠬᠡᠷ ᠬᠤᠤᠰ ᠲᠠᠭᠠᠭᠠᠴᠢᠯᠠᠭᠰᠠᠨ ᠬᠦᠮᠦᠨ᠂ ᠨᠤᠳᠤᠭ | ᠪᠠᠯᠴᠢᠬᠡᠷ ᠲᠠᠢ ᠬᠦᠮᠦᠨ᠂ ᠬᠠᠮᠳᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠬᠤᠪᠢ ᠨᠠᠮᠠᠷᠢ | ᠦᠵᠡᠬᠦᠯᠦᠭᠰᠠᠨ ᠬᠦᠮᠦᠨ ᠵᠡᠷᠬᠡ ᠠᠳᠠᠯᠢ ᠪᠤᠰᠣ ᠪᠠᠷᠢᠮᠵᠢᠶ᠎ᠠ ᠪᠠᠷ 10 ᠲᠠᠰ ᠤᠨ ᠬᠤᠪᠢᠴᠠᠭᠠᠨ ᠤ ᠡᠷᠬᠡ | ᠲᠤᠭᠳᠠᠭᠠᠵᠦ᠂ ᠬᠠᠮᠤᠭ ᠦᠨᠳᠣᠷ ᠳᠡᠭᠡᠨ 11 ᠬᠤᠪᠢᠴᠠᠭᠠᠨ ᠤ ᠡᠷᠬᠡ᠂ ᠬᠠᠮᠤᠭ ᠪᠠᠭ᠎ᠠ ᠳᠠᠭᠠᠨ 1 ᠬᠤᠪᠢᠴᠠᠭᠠᠨ | ᠤ ᠡᠷᠬᠡ ᠲᠠᠢ ᠪᠤᠯᠤᠨ᠎ᠠ᠃ | ᠪᠠᠶᠠᠠᠩᠬᠤᠰᠢᠭᠤ ᠰᠣᠮᠤᠨ ᠤ ᠰᠠᠶᠢᠠᠬᠠᠨᠨᠠᠭᠤᠷ ᠭᠠᠴᠠᠭᠠᠨ ᠤ ᠬᠤᠪᠢ ᠤᠷᠤᠭᠤᠯᠤᠭᠰᠠᠨ ᠠᠵᠦ ᠠᠬᠤᠢ ᠶᠢᠨ | ᠬᠤᠷᠰᠢᠶᠠᠵᠢᠯ ᠨᠢ 574 ᠬᠡᠰᠢᠬᠦᠨ ᠲᠠᠢ᠂ 2796 ᠬᠤᠪᠢ ᠪᠠᠶᠢᠵᠦ᠂ ᠡᠨᠡ ᠵᠢᠯ ᠤᠨ ᠠᠰᠢᠭ ᠤᠷᠤᠯᠭ᠎ᠠ ᠪᠠᠨ | ᠨᠢᠭᠳᠠᠯᠠᠨ ᠪᠤᠳᠣᠵᠦ᠂ᠬᠡᠰᠢᠬᠦᠨ ᠪᠦᠷᠢ ᠳᠡᠭᠡᠨ ᠬᠤᠷᠰᠢᠭᠰᠠᠨ ᠡᠮᠨᠡᠯᠬᠡ ᠶᠢᠨ ᠰᠦᠢᠳᠬᠡᠯ ᠢ ᠲᠤᠰᠢᠶᠠᠬᠤ ᠬᠡᠯᠪᠡᠷᠢ ᠪᠠᠷ | ᠠᠰᠢᠭ ᠬᠤᠪᠢᠶᠠᠷᠢᠯᠠᠵᠦ᠂ ᠬᠤᠷᠰᠢᠶᠠᠵᠢᠯ ᠤᠨ ᠬᠤᠵᠢᠮ ᠤᠨ ᠭᠦᠭᠵᠢᠯᠳᠠ ᠳᠤ ᠰᠠᠭᠤᠷᠢ ᠲᠠᠯᠪᠢᠵᠦ᠂ ᠬᠤᠷᠰᠢᠶᠠᠵᠢᠯ | ᠤᠨ ᠬᠡᠰᠢᠬᠦᠳ ᠤᠨ ᠢᠶᠠᠨ ᠤᠷᠮᠠᠰᠢᠯ ᠢ ᠲᠠᠶᠢᠴᠢᠯᠠᠭᠰᠠᠨ ᠪᠠᠶᠢᠨ᠎ᠠ᠃ | |