ᠮᠥᠩᠭᠦᠨᠱᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ ᠢ ᠰᠤᠳᠤᠯᠪᠠ | | 1 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠲᠤᠰᠬᠠᠢ ᠰᠡᠳᠦᠪᠲᠦ | ᠬᠤᠷᠠᠯ ᠬᠤᠷᠠᠯᠳᠤᠭᠤᠯᠤᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤ ᠤᠳᠤᠷᠢᠳᠤᠯᠭ᠎ᠠ ᠶᠣᠣ ᠬᠤᠩ ᠭᠠᠩ᠂ | ᠰᠡᠴᠡᠨᠭᠡᠷᠡᠯ᠂ ᠢᠦᠢ ᠵᠥᠩ ᠮᠢᠨ᠂ ᠦ᠋ ᠪᠦᠦ ᠫᠢᠩ᠂ ᠵᠣᠣ ᠭᠦᠸᠧ ᠳ᠋ᠦᠩ᠂ ᠦ᠋ ᡁᠢ ᠴᠢᠶᠠᠩ᠂ ᠵᠢᠶᠠ ᠶᠦᠩ ᠰᠢᠶᠠ | ᠂ ᠷᠧᠨ ᠳ᠋ᠧ ᠰᠢᠨ᠂ ᠯᠢ ᠹᠧᠢ᠂ ᠲᠢᠶᠠᠨ ᠱᠠᠨ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃ | ᠮᠥᠩᠭᠦᠨᠱᠠ ᠵᠢᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠥᠬᠦ | ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠮᠲᠤ ᠪᠠᠷ ᠴᠢᠷᠮᠠᠶᠢᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠤᠨ ᠢᠳᠡᠪᠬᠢᠲᠡᠢ ᠦᠷ᠎ᠡ ᠪᠦᠲᠦᠮᠵᠢ ᠣᠯᠬᠤ ᠶᠢ | ᠠᠬᠢᠭᠤᠯᠪᠠ᠃ ᠡᠯ᠎ᠡ ᠬᠠᠷᠢᠭᠤᠴᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠦᠵᠡᠯ | ᠰᠠᠨᠠᠭ᠎ᠠ ᠂ ᠠᠵᠢᠯ ᠢᠶᠠᠨ ᠰᠤᠯᠠᠷᠠᠭᠤᠯᠵᠤ ᠪᠣᠯᠬᠤ ᠦᠭᠡᠢ᠂ ᠬᠠᠷᠢᠭᠤᠴᠠᠯᠭ᠎ᠠ ᠪᠠᠨ ᠰᠤᠯᠠᠷᠠᠭᠤᠯᠵᠤ ᠪᠣᠯᠬᠤ ᠦᠭᠡᠢ | ᠭᠡᠳᠡᠭ ᠢ ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠬᠦ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠭᠰᠠᠨ ᠬᠦᠴᠦᠨ ᠢ | ᠨᠢᠭᠲᠠᠷᠠᠭᠤᠯᠬᠤ ᠶᠢ ᠪᠠᠷᠢᠮᠲᠠᠯᠠᠵᠤ᠂ ᠠᠯᠢᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠠᠤᠯᠢ ᠲᠣᠭᠲᠠᠭᠠᠯ | ᠶᠣᠰᠣᠭᠠᠷ ᠠᠬᠢᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠪᠠᠶᠢᠩᠭᠤᠵᠢᠭᠰᠠᠨ ᠵᠠᠰᠠᠯᠲᠠ ᠶᠢᠨ | ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ | ᠮᠥᠩᠭᠦᠨᠱᠠ ᠴᠢᠬᠤᠯᠠᠴᠢᠯᠠᠬᠤ ᠳᠠᠭᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ | ᠠᠳᠬᠤᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ ᠠᠵᠢᠯ ᠢ ᠪᠣᠳᠠᠲᠠᠢ᠂ ᠭᠦᠨᠵᠡᠭᠡᠢ ᠠᠳᠬᠤᠵᠤ᠂ | ᠰᠢᠰᠲ᠋ᠧᠮ ᠲᠠᠢ ᠪᠠᠷ ᠵᠠᠰᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ | ᠣᠶᠢᠯᠠᠭᠠᠭᠳᠠᠬᠤᠨ ᠢ ᠪᠠᠶᠢᠩᠭᠤᠵᠢᠭᠤᠯᠤᠨ ᠵᠠᠰᠠᠬᠤ ᠠᠵᠢᠯ ᠤᠨ ᠪᠦᠬᠦ ᠶᠠᠪᠤᠴᠠ ᠳᠤ ᠢᠯᠡᠷᠡᠭᠦᠯᠵᠦ᠂ ᠴᠡᠭᠴᠡᠯᠡᠨ | ᠰᠠᠶᠢᠵᠢᠷᠠᠭᠤᠯᠬᠤ ᠶᠠᠪᠤᠴᠠ ᠳᠠᠬᠢ ᠠᠮᠵᠢᠯᠲᠠ ᠲᠤᠷᠰᠢᠯᠭ᠎ᠠ ᠪᠠ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠡᠮᠬᠢᠯᠡᠨ᠂ ᠴᠠᠭ | ᠲᠤᠬᠠᠢ ᠳᠤᠨᠢ ᠳᠦᠷᠢᠮ᠂ ᠵᠢᠷᠤᠮᠵᠢᠯ ᠪᠣᠯᠭᠠᠨ ᠬᠤᠪᠢᠷᠠᠭᠤᠯᠵᠤ᠂ ᠤᠷᠳᠤ ᠬᠤᠭᠤᠴᠠᠭᠠᠨ ᠤ ᠴᠡᠭᠴᠡᠯᠡᠨ ᠵᠠᠰᠠᠬᠤ᠂ | ᠬᠠᠮᠢᠶᠠᠷᠬᠤ᠂ ᠪᠦᠲᠦᠭᠡᠨ ᠪᠠᠶᠢᠭᠤᠯᠬᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠦᠨ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ | ᠠᠬᠢᠭᠤᠯᠬᠤ ᠠᠵᠢᠯ ᠢ ᠬᠦᠴᠦᠯᠡᠨ ᠰᠠᠶᠢᠲᠤᠷ ᠬᠢᠵᠦ᠂ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | | |