ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 52 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ | ᠬᠤᠷᠠᠯᠳᠤᠭᠤᠯᠪᠠ | | 1 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠳᠤᠮᠳᠠᠳᠤ ᠤᠯᠤᠰ ᠤᠨ | ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶᠠᠨ ᠤ 52 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠤ ᠰᠦᠨ ᠱᠣᠣ ᠴᠧᠩ ᠨᠦᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠳᠡᠭᠡᠷᠡᠬᠢ ᠢᠯᠡᠳᠬᠡᠯ᠂ ᠶᠠᠷᠢᠶ᠎ᠠ ᠪᠣᠯᠣᠨ ᠸᠠᠩ ᠯᠢ ᠰᠢᠶᠠ ᠨᠥᠬᠦᠷ ᠤᠨ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠨᠢ | 2022 ᠣᠨ ᠤ ᠠᠵᠢᠯ ᠢ ᠪᠦᠬᠦ ᠲᠠᠯ᠎ᠠ ᠪᠠᠷ ᠳ᠋ᠦᠩᠨᠡᠨ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠳᠣᠬᠢ ᠶᠡᠷᠦᠩᠬᠡᠢ ᠪᠠᠶᠢᠳᠠᠯ ᠢ ᠪᠣᠰᠣᠳᠴᠢ ᠪᠠᠷ ᠵᠠᠳᠠᠯᠤᠨ᠂ ᠣᠷᠣᠰᠢᠵᠤ ᠪᠠᠶᠢᠭ᠎ᠠ ᠠᠰᠠᠭᠤᠳᠠᠯ ᠢ | ᠰᠢᠨᠵᠢᠯᠡᠬᠦ ᠤᠬᠠᠭᠠᠨᠴᠢ ᠪᠠᠷ ᠬᠢᠨᠠᠵᠤ᠂ ᠬᠤᠶᠢᠰᠢᠳᠠ ᠶᠢᠨ ᠬᠥᠭᠵᠢᠯᠲᠡ ᠶᠢᠨ ᠲᠠᠯ᠎ᠠ ᠪᠠᠷ ᠭᠦᠨᠵᠡᠭᠡᠢ ᠰᠡᠳᠬᠢᠨ᠂ | ᠬᠥᠭᠵᠢᠯᠲᠡ ᠶᠢᠨ ᠣᠶᠢᠯᠠᠭᠠᠭᠳᠠᠬᠤᠨ ᠢᠶᠠᠨ ᠲᠥᠪ ᠪᠣᠯᠭᠠᠬᠤ᠂ ︽ ᠳᠣᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠬᠦ | ᠪᠣᠳᠠᠲᠠᠢ ᠱᠠᠭᠠᠷᠳᠠᠯᠭ᠎ᠠ ᠶᠢ ᠳᠤᠷᠠᠳᠴᠤ᠂ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ᠂ ᠰᠢᠨᠵᠢᠯᠡᠭᠡ ᠮᠡᠷᠭᠡᠵᠢᠯ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ᠂ | ᠡᠬᠢ ᠪᠠᠶᠠᠯᠢᠭ ᠢ ᠠᠷᠪᠢᠯᠠᠬᠤ ᠡᠷᠴᠢᠮᠲᠡᠢ ᠠᠰᠢᠭᠯᠠᠬᠤ ᠶᠢ ᠠᠬᠢᠭᠤᠯᠬᠤ ᠵᠡᠷᠭᠡ ᠲᠠᠯ᠎ᠠ ᠪᠠᠷ 2023 ᠣᠨ ᠤ ᠠᠵᠤ | ᠠᠬᠤᠢ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠨᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠤᠶᠠᠯᠳᠤᠭᠤᠯᠤᠨ᠂ ᠶᠡᠷᠦᠩᠬᠡᠢ ᠱᠠᠭᠠᠷᠳᠠᠯᠭ᠎ᠠ᠂ | ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠡᠵᠡᠮᠰᠢᠵᠦ᠂ | ᠰᠡᠳᠬᠢᠮᠵᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠥᠯᠥᠪᠵᠢᠭᠦᠯᠦᠨ᠂ ᠡᠯ᠎ᠡ ᠵᠦᠢᠯ ᠤᠨ ᠠᠵᠢᠯ ᠢᠶᠠᠨ | ᠭᠦᠨᠵᠡᠭᠡᠶᠢᠷᠡᠭᠦᠯᠦᠨ ᠠᠬᠢᠭᠤᠯᠵᠤ᠂ ᠯᠠᠪᠳᠠᠭᠤᠨ ᠢᠶᠠᠷ ᠡᠬᠢᠯᠡᠭᠦᠯᠦᠨ ᠪᠠᠲᠤᠲᠠᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠵᠠᠩᠭᠢᠯᠠᠭ᠎ᠠ ᠶᠢᠨ ᠬᠦᠷᠢᠶ᠎ᠡ ᠴᠠᠷ᠎ᠠ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠵᠤ ᠠᠬᠤᠢ ᠶᠢᠨ | ᠲᠣᠭᠲᠠᠭᠤᠨ ᠮᠥᠷᠲᠡᠭᠡᠨ ᠡᠷᠡᠭᠦᠯ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠬᠠᠬᠢᠷ ᠬᠦᠢᠲᠡᠨ ᠠᠭᠤᠷ ᠠᠮᠢᠰᠬᠤᠯ ᠢ ᠠᠷᠭᠠᠴᠠᠬᠤ᠂ ᠵᠠᠬ᠎ᠠ | ᠳᠡᠯᠭᠡᠭᠦᠷ ᠤᠨ ᠦᠨ᠎ᠡ ᠶᠢ ᠪᠠᠲᠤᠯᠠᠨ ᠲᠣᠭᠲᠠᠪᠤᠷᠢᠵᠢᠭᠤᠯᠬᠤ᠂ ᠮᠠᠯᠴᠢᠨ ᠲᠠᠷᠢᠶᠠᠴᠢᠨ ᠬᠥᠯᠥᠰᠥᠨ ᠠᠵᠢᠯᠴᠢᠳ ᠤᠨ | ᠴᠠᠯᠢᠩ ᠢ ᠣᠯᠭᠤᠬᠤ ᠶᠢ ᠪᠠᠲᠤᠯᠠᠬᠤ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠣᠰᠣᠳ ᠵᠦᠢᠯ ᠢ ᠰᠤᠳᠤᠯᠪᠠ᠃ | |