ᠪᠠᠷᠠᠭᠤᠨ ᠦᠵᠦᠮᠦᠴᠢᠨ ᠬᠤᠰᠢᠭᠤᠨ ᠤ ᠲᠥᠯᠦᠪᠵᠢᠭᠦᠯᠭᠡ ᠶᠢᠨ ᠵᠥᠪᠯᠡᠯ 2023 ᠣᠨ ᠤ ᠠᠩᠬᠠᠳᠤᠭᠠᠷ ᠪᠥᠬᠦᠳᠡ | ᠬᠤᠷᠠᠯ ᠬᠤᠷᠠᠯᠳᠤᠭᠤᠯᠪᠠ | | ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠤᠯᠤᠯᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠨᠢᠭᠡᠳᠦᠯᠲᠡᠢ ᠲᠥᠯᠥᠪᠯᠡᠨ ᠬᠥᠲᠥᠯᠥᠨ ᠳᠠᠭᠠᠭᠤᠯᠬᠤ | ᠦᠢᠯᠡᠳᠦᠯ ᠢ ᠴᠢᠩᠭᠠᠳᠬᠠᠨ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠰᠢᠨᠵᠢᠯᠡᠬᠦ | ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ | ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠠᠷᠠᠳᠴᠢᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠤᠰᠠᠳᠠ᠂ 1 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠲᠥᠯᠦᠪᠵᠢᠭᠦᠯᠭᠡ ᠶᠢᠨ ᠵᠥᠪᠯᠡᠯ | 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠤᠨ᠂ ᠬᠠᠮᠢᠶ᠎ᠠ ᠪᠦᠬᠦᠢ | ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠰᠣᠨᠣᠰᠴᠤ | ᠬᠢᠨᠠᠨ ᠵᠥᠪᠯᠡᠪᠡ᠃ ᠬᠤᠰᠢᠭᠤ ᠤᠳᠤᠷᠢᠳᠤᠯᠭ᠎ᠠ ᠮᠥᠩᠭᠦᠨᠱᠠ᠂ ᠶᠣᠣ ᠬᠤᠩ ᠭᠠᠩ᠂ ᠦ᠋ ᠵᠦ᠂ ᠬᠠᠢ ᠱᠠᠨ᠂ ᠦ᠋ | ᠪᠦᠦ ᠫᠢᠩ᠂ ᠡᠷᠳᠡᠨᠢᠰᠦ᠋ᠷᠦᠭ᠂ ᠦ᠋ ᡁᠢ ᠴᠢᠶᠠᠩ᠂ ᠵᠢᠶᠠ ᠶᠦᠩ ᠰᠢᠶᠠ᠂ ᠷᠧᠨ ᠳ᠋ᠧ ᠰᠢᠨ᠂ ᠶᠣᠣ ᠬᠠᠢ ᠮᠢᠩ | ᠬᠤᠷᠠᠯ ᠳᠤ ᠣᠷᠣᠯᠴᠠᠵᠤ᠂ ᠬᠤᠰᠢᠭᠤ ᠲᠥᠯᠦᠪᠵᠢᠭᠦᠯᠭᠡ ᠶᠢᠨ ᠵᠥᠪᠯᠡᠯ ᠤᠨ ᠪᠦᠷᠢᠯᠳᠦᠬᠦᠨ ᠨᠢᠭᠡᠴᠡ ᠪᠣᠯᠣᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ | ᠬᠤᠷᠠᠯ ᠳᠤ᠂ ᠪᠠᠶ᠋ᠬᠠᠭᠤᠯᠠ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠬᠤᠭᠤᠯᠠᠲᠤ ᠶᠢᠨ ᠭᠤᠣᠯ | ᠬᠡᠦᠬᠡᠳ ᠤᠨ ᠴᠡᠴᠡᠷᠯᠢᠭ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ 8 ᠲᠦᠷᠦᠯ ᠵᠦᠢᠯ ᠤᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠰᠣᠨᠣᠰᠤᠨ ᠬᠢᠨᠠᠨ ᠵᠥᠪᠯᠡᠪᠡ᠃ ᠬᠤᠷᠠᠯ ᠳᠤ | ᠣᠷᠣᠯᠴᠠᠭᠰᠠᠳ ᠡᠯ᠎ᠡ ᠲᠥᠰᠥᠯ ᠤᠨ ᠲᠤᠬᠠᠢ ᠬᠢᠨᠠᠨ ᠵᠥᠪᠯᠡᠵᠦ ᠰᠤᠳᠤᠯᠤᠨ ᠶᠠᠷᠢᠯᠴᠠᠬᠤ ᠶᠢᠨ ᠬᠠᠮᠲᠤ | ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠡᠯ᠎ᠡ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠲᠥᠰᠥᠯ ᠢ ᠰᠢᠯᠢᠳᠡᠭᠵᠢᠭᠦᠯᠬᠦ ᠲᠤᠬᠠᠢ ᠲᠤᠰ ᠲᠤᠰ ᠰᠠᠨᠠᠯ ᠰᠠᠨᠠᠭᠤᠯᠭ᠎ᠠ ᠳᠤᠷᠠᠳᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠲᠥᠯᠥᠪᠵᠢᠭᠦᠯᠵᠦ | ᠵᠢᠷᠤᠵᠤ ᠲᠥᠯᠥᠪᠯᠡᠬᠦ ᠨᠢᠭᠡᠴᠡ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠪᠠᠶᠢᠳᠠᠯ ᠢ | ᠲᠣᠳᠣᠷᠬᠠᠢ ᠲᠠᠨᠢᠨ᠂ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠪᠠᠲᠤ ᠪᠤᠶ ᠪᠣᠯᠭᠠᠵᠤ᠂ ᠬᠤᠷᠠᠯ ᠠᠴᠠ | ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠳ᠋ᠦᠩᠨᠡᠵᠦ ᠡᠵᠡᠮᠰᠢᠨ᠂ ᠥᠨᠳᠥᠷ | ᠲᠦᠪᠰᠢᠨ ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠬᠦ᠂ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠪᠠᠷᠢᠮᠲᠠᠯᠠᠨ᠂ ᠮᠠᠨ ᠤ ᠬᠤᠰᠢᠭᠤᠨ ᠤ ᠰᠠᠭᠤᠷᠢᠰᠢᠬᠤ ᠳᠤ ᠲᠣᠬᠢᠷᠠᠮᠵᠢᠲᠠᠢ ᠠᠮᠢ ᠠᠬᠤᠶᠢᠴᠢ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠴᠢᠳᠠᠮᠵᠢ ᠶᠢᠨ ᠪᠠᠶᠢᠷᠢ | ᠲᠣᠭᠲᠠᠭᠠᠯᠲᠠ᠂ ᠬᠤᠲᠠ ᠪᠠᠯᠭᠠᠰᠤᠨ ᠤ ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠵᠡᠷᠭᠡ ᠡᠯᠧᠮᠧᠨ᠋ᠲ | ᠲᠠᠢ ᠤᠶᠠᠯᠳᠤᠭᠤᠯᠤᠨ᠂ ᠬᠠᠮᠢᠶ᠎ᠠ ᠪᠦᠬᠦᠢ ᠵᠢᠷᠤᠭ ᠲᠥᠯᠥᠪᠯᠡᠭᠡ ᠶᠢᠨ ᠲᠥᠰᠥᠯ ᠢ ᠲᠠᠰᠤᠷᠠᠯᠲᠠ ᠦᠭᠡᠢ ᠵᠠᠰᠠᠨ | ᠲᠡᠭᠦᠯᠳᠡᠷᠵᠢᠭᠦᠯᠵᠦ᠂ ᠡᠯ᠎ᠡ ᠵᠦᠢᠯ ᠤᠨ ᠵᠢᠷᠤᠭ ᠲᠥᠯᠥᠪᠯᠡᠭᠡ ᠶᠢᠨ ᠲᠥᠯᠦᠪᠵᠢᠭᠦᠯᠭᠡ ᠶᠢ ᠨᠠᠩ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠢ ᠪᠣᠯᠭᠠᠵᠤ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠢᠨᠵᠧᠨᠧᠷᠢᠩ ᠢ | ᠴᠣᠭᠴᠠᠯᠠᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠭᠦᠢᠴᠡᠳᠬᠡᠨ | ᠪᠦᠯᠬᠦᠮᠳᠡᠨ ᠬᠠᠮᠵᠢᠯᠴᠠᠵᠤ᠂ ᠠᠵᠢᠯ ᠤᠨ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠨ | ᠂ ᠣᠶᠢᠯᠠᠭᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠷᠢᠯᠭ᠎ᠠ ᠡᠬᠢᠯᠡᠬᠦ ᠠᠴᠠ ᠡᠮᠦᠨᠡᠬᠢ ᠬᠤᠯᠪᠣᠭᠳᠠᠯ | ᠪᠦᠬᠦᠢ ᠭᠠᠷ ᠭᠦᠢᠴᠡᠳᠬᠡᠯ ᠢ ᠴᠠᠭ ᠢ ᠠᠮᠵᠢᠨ ᠭᠦᠢᠴᠡᠳᠬᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠶᠢ ᠴᠢᠩᠭ᠎ᠠ ᠠᠳᠬᠤᠵᠤ᠂ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠲᠥᠰᠥᠯ ᠶᠣᠰᠣᠭᠠᠷ ᠪᠠᠷᠢᠯᠭ᠎ᠠ ᠶᠢᠨ ᠠᠵᠢᠯ ᠢ ᠶᠠᠪᠤᠭᠳᠠᠭᠤᠯᠵᠤ᠂ ᠲᠦᠷᠦᠯ ᠵᠦᠢᠯ ᠨᠢᠭᠡᠪᠦᠷᠢ ᠶᠢ | ᠨᠠᠷᠢᠯᠢᠭ ᠬᠢᠵᠦ᠂ ᠪᠦᠬᠦ ᠬᠤᠰᠢᠭᠤᠨ ᠤ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ | ᠡᠷᠲᠡᠬᠡᠨ ᠡᠬᠢᠯᠡᠵᠦ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠡᠷᠲᠡ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠡᠢ᠃ | | | | |