ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ | ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠡᠷᠬᠡ ᠰᠦᠷᠲᠦ ᠬᠠᠷᠢᠭᠤᠯᠲᠠ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 1 | ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠂ | ᠬᠠᠮᠲᠤ ᠪᠠᠷ ᠦᠵᠡᠵᠡᠭᠡᠶ᠎ᠡ᠃ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠭᠤᠣᠯᠳᠠᠭᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ | ᠪᠣᠶ︖ | ᠨᠢᠭᠡ ᠳᠤ᠂ ᠡᠪᠡᠳᠴᠢᠨ ᠤ ᠨᠡᠷ᠎ᠡ ᠶᠢ ᠰᠢᠨᠡᠴᠢᠯᠡᠪᠡ᠃ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ︾ | ᠢ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ︾ ᠭᠡᠵᠦ ᠥᠭᠡᠷᠡᠴᠢᠯᠡᠨ᠎ᠡ︔ | ᠬᠤᠶᠠᠷ ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠪᠠᠶᠢᠩᠭᠤᠵᠢᠭᠰᠠᠨ ᠪᠠᠶᠢᠳᠠᠯ | ᠳᠣᠣᠷ᠎ᠠ᠂ ᠭᠤᠣᠯᠳᠠᠭᠤ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ᠂ ᠣᠨᠴᠠᠭᠠᠶ ᠬᠡᠷᠡᠭ ᠤᠨ ᠮᠡᠳᠡᠭᠦᠯᠦᠯᠲᠡ᠂ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠨᠵᠢᠯᠡᠯᠲᠡ᠂ ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ | ᠦᠷᠪᠢᠰᠦᠯ ᠤᠨ ᠬᠢᠨᠠᠨ ᠰᠢᠨᠵᠢᠯᠡᠯᠲᠡ᠂ ᠬᠤᠲᠠ ᠶᠢᠨ ᠪᠣᠬᠢᠷ ᠤᠰᠤᠨ ᠤ ᠬᠢᠨᠠᠨ ᠰᠢᠨᠵᠢᠯᠡᠯᠲᠡ ᠵᠡᠷᠭᠡ ᠶᠢ ᠥᠷᠨᠢᠭᠦᠯᠦᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ᠂ ᠪᠥᠭᠡᠮ ᠬᠦᠴᠢᠯ ᠪᠠ ᠥᠳᠥᠭᠡᠭᠴᠢ ᠶᠢᠨ ᠪᠠᠶᠢᠴᠠᠭᠠᠨ ᠰᠢᠯᠭᠠᠯᠲᠠ | ᠬᠢᠨᠠᠨ ᠰᠢᠨᠵᠢᠯᠡᠯᠲᠡ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠢᠨᠠᠨ ᠰᠢᠨᠵᠢᠯᠡᠯᠲᠡ᠂ ᠭᠤᠣᠯᠳᠠᠯᠭ᠎ᠠ ᠲᠠᠢ | ᠪᠠᠶᠢᠭᠤᠯᠤᠮᠵᠢ ᠶᠢᠨ ᠬᠢᠨᠠᠨ ᠰᠢᠨᠵᠢᠯᠡᠯᠲᠡ ᠵᠡᠷᠭᠡ ᠶᠢ ᠨᠡᠮᠡᠭᠳᠡᠭᠦᠯᠦᠨ᠎ᠡ︔ | ᠭᠤᠷᠪᠠ ᠳᠤ᠂ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃ ᠪᠥᠬᠦ ᠠᠷᠠᠳ ᠤᠨ | ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠳᠠᠭᠢᠵᠤ ᠥᠷᠨᠢᠭᠦᠯᠬᠦ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠬᠡᠷᠡᠭᠴᠡᠭᠡ ᠪᠠᠨ ᠦᠨᠳᠦᠰᠦᠯᠡᠨ ︽ᠪᠠᠶᠢᠴᠠᠭᠠᠯᠭᠠᠬᠤ ᠬᠦᠰᠡᠯ ᠲᠠᠢ ᠨᠢ ᠪᠠᠶᠢᠴᠠᠭᠠᠯᠭᠠᠵᠤ︾ ᠪᠣᠯᠣᠨ᠎ᠠ᠃ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ | ᠪᠠᠶᠢᠭᠤᠯᠤᠮᠵᠢ ᠶᠢᠨ ᠠᠵᠢᠯᠲᠠᠨ ᠪᠠ ᠬᠠᠷᠠᠵᠤ ᠬᠠᠷᠠᠭᠠᠯᠵᠠᠬᠤ ᠠᠵᠢᠯᠲᠠᠳ ᠲᠤ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ | ᠲᠣᠭᠲᠠᠮᠠᠯ ᠬᠤᠭᠤᠴᠠᠭ᠎ᠠ ᠲᠠᠢ ᠪᠠᠷ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠬᠢᠬᠦ ᠬᠡᠷᠡᠭᠲᠡᠢ᠃ | ᠨᠡᠶᠢᠭᠡᠮ ᠲᠣᠭᠤᠷᠢᠭ ᠤᠨ ᠬᠦᠨᠳᠦ ᠡᠪᠡᠳᠴᠢᠨ ᠤ ᠠᠶᠤᠯ ᠲᠦᠭᠰᠢᠭᠦᠷᠢ ᠶᠡᠬᠡᠲᠡᠢ ᠬᠥᠮᠥᠰ ᠲᠤ ᠬᠠᠮᠢᠶ᠎ᠠ ᠪᠦᠬᠦᠢ ᠡᠪᠡᠳᠴᠢᠨ ᠤ | ᠢᠯᠡᠷᠡᠯ ᠭᠠᠷᠤᠭᠰᠠᠨ ᠤ ᠳᠠᠷᠠᠭ᠎ᠠ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ | ᠳᠥᠷᠪᠡ ᠳᠤ᠂ ᠬᠠᠯᠳᠠᠪᠤᠷᠢᠯᠠᠬᠤ ᠡᠬᠢ ᠰᠤᠷᠪᠤᠯᠵᠢ ᠶᠢᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠨ᠎ᠡ᠃ ᠰᠢᠨ᠎ᠡ | ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠳᠠᠭᠢᠵᠤ ᠬᠡᠷᠡᠭᠵᠢᠭᠦᠯᠬᠦ ᠦᠭᠡᠢ᠂ | ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠬᠦ ᠶᠢ ᠬᠡᠷᠡᠭᠵᠢᠭᠦᠯᠦᠨ᠎ᠡ︔ ᠨᠢᠭᠲᠠ ᠣᠶᠢᠷᠠᠲᠤᠭᠰᠠᠳ ᠢ ᠳᠠᠭᠢᠵᠤ | ᠮᠠᠭᠠᠳᠯᠠᠨ ᠲᠣᠭᠲᠠᠭᠠᠬᠤ ᠦᠭᠡᠢ᠂ ᠥᠨᠳᠥᠷ ᠳᠣᠣᠷ᠎ᠠ ᠲᠠᠰ ᠤᠨ ᠲᠦᠭᠰᠢᠭᠦᠷᠢᠲᠦ ᠣᠷᠣᠨ ᠢ ᠳᠠᠭᠢᠵᠤ ᠵᠠᠭᠠᠭᠯᠠᠨ | ᠲᠣᠭᠲᠠᠭᠠᠬᠤ ᠦᠭᠡᠢ︔ | ᠲᠠᠪᠤ ᠳᠤ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ | ᠠᠪᠴᠤ ᠪᠣᠯᠣᠨ᠎ᠠ᠃ | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ ᠳᠠᠷᠠᠭᠠᠬᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠠᠪᠴᠤ ᠪᠣᠯᠣᠨ᠎ᠠ | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ᠂ ᠸᠢᠷᠦ᠋ᠰ ᠤᠨ ᠣᠨᠳᠣᠣᠰᠢᠯ ᠤᠨ ᠪᠠᠶᠢᠳᠠᠯ᠂ | ᠬᠢᠵᠢᠭ ᠤᠨ ᠪᠠᠶᠢᠳᠠᠯ ᠳᠡᠯᠭᠡᠷᠡᠭᠰᠡᠨ ᠬᠦᠴᠦᠯᠡᠴᠡ᠂ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠ ᠪᠣᠯᠣᠨ ᠨᠡᠶᠢᠭᠡᠮ ᠤᠨ | ᠠᠵᠢᠯᠯᠠᠭᠠᠨ ᠤ ᠪᠠᠶᠢᠳᠠᠯ ᠵᠡᠷᠭᠡ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠬᠥᠮᠥᠰ ᠤᠨ | ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ ᠤ ᠡᠬᠢ ᠪᠠᠶᠠᠯᠢᠭ ᠤᠨ ᠪᠠᠴᠢᠮ ᠱᠠᠭᠠᠷᠳᠠᠭᠳᠠᠬᠤ ᠬᠡᠮᠵᠢᠶ᠎ᠡ ᠵᠡᠷᠭᠡ ᠶᠢ | ᠦᠨᠳᠦᠰᠦᠯᠡᠨ᠂ ᠴᠠᠭ ᠲᠤᠬᠠᠢ ᠳᠤ ᠨᠢ᠂ ᠬᠠᠤᠯᠢ ᠶᠣᠰᠣᠭᠠᠷ ᠲᠦᠷ ᠴᠠᠭ ᠤᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠠᠪᠴᠤ ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠡᠭᠦᠰᠬᠦ᠂ ᠳᠡᠯᠭᠡᠷᠡᠬᠦ ᠦᠶ᠎ᠡ ᠳᠤ᠂ | ᠪᠠᠰᠠ ᠴᠠᠭ ᠤᠨ ᠪᠠᠶᠢᠳᠠᠯ ᠳᠤ ᠲᠣᠬᠢᠷᠠᠭᠤᠯᠵᠤ᠂ ᠬᠠᠤᠯᠢ ᠶᠣᠰᠣᠭᠠᠷ᠂ ᠰᠣᠩᠭᠤᠯᠲᠠ ᠲᠠᠢ ᠪᠠᠷ ᠵᠠᠷᠢᠮ ᠪᠠᠴᠢᠮ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠴᠢᠬᠤᠯᠠ ᠪᠤᠰᠤ ᠲᠣᠮᠣ ᠬᠡᠯᠪᠡᠷᠢ ᠶᠢᠨ ᠠᠵᠢᠯᠯᠠᠭ᠎ᠠ ᠶᠢ | ᠲᠦᠷ ᠬᠤᠶᠢᠰᠢᠯᠠᠭᠤᠯᠬᠤ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠲᠦᠷ | ᠵᠣᠭᠰᠤᠭᠠᠬᠤ ᠶᠢ ᠪᠠᠭᠲᠠᠭᠠᠭᠰᠠᠨ ᠡᠳᠦᠢ ᠲᠡᠳᠦᠢ ᠠᠷᠭ᠎ᠠ ᠬᠡᠮᠵᠢᠶ᠎ᠡ ᠶᠢ ᠵᠢᠭᠰᠠᠭᠠᠪᠠ︔ ᠮᠦᠽᠧᠢ᠂ ᠤᠷᠠᠯᠢᠭ ᠤᠨ ᠣᠷᠳᠣᠨ | ᠵᠡᠷᠭᠡ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠬᠥᠮᠥᠨ ᠤ ᠲᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ | ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠤᠷᠠᠢ ᠬᠥᠮᠥᠰ | ᠲᠥᠪᠯᠡᠷᠡᠭᠰᠡᠨ ᠲᠠᠯᠠᠪᠤᠷ ᠢ ᠴᠢᠩᠭ᠎ᠠ ᠬᠠᠮᠢᠶᠠᠷᠤᠨ᠎ᠠ︔ ᠣᠷᠭᠢᠯ ᠦᠶ᠎ᠡ ᠶᠢ ᠵᠥᠷᠢᠭᠦᠯᠦᠨ ᠠᠵᠢᠯ ᠳᠤ ᠪᠠᠨ ᠭᠠᠷᠬᠤ ᠪᠠ | ᠠᠵᠢᠯ ᠠᠴᠠ ᠪᠠᠨ ᠪᠠᠭᠤᠬᠤ᠂ ᠤᠶᠠᠨ ᠬᠠᠳᠠᠨ ᠢᠶᠠᠷ ᠠᠵᠢᠯᠯᠠᠬᠤ ᠳᠦᠷᠢᠮ ᠢ ᠬᠡᠷᠡᠭᠵᠢᠭᠦᠯᠬᠦ ᠪᠤᠶᠤ ᠭᠡᠷ ᠲᠤ ᠪᠠᠨ ᠰᠠᠭᠤᠵᠤ | ᠠᠵᠢᠯᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ︔ ᠪᠠᠰᠠ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠲᠦᠷ ᠴᠠᠭ ᠤᠨ | ᠴᠢᠨᠠᠷᠲᠠᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠶᠠᠪᠤᠭᠤᠯᠤᠨ᠎ᠠ᠃ ᠬᠢᠵᠢᠭ ᠤᠨ ᠪᠠᠶᠢᠳᠠᠯ ᠨᠠᠮᠳᠠᠬᠤ ᠳᠤ ᠬᠦᠷᠪᠡᠯ᠂ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ | ᠦᠭᠡᠢ ᠪᠣᠯᠭᠠᠬᠤ ᠪᠠᠷ ᠴᠠᠭ ᠲᠤᠬᠠᠢ ᠳᠤ ᠨᠢ ᠵᠠᠷᠯᠠᠬᠤ ᠬᠡᠷᠡᠭᠲᠡᠢ᠃ | ︱ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ ︱ | ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠬᠡᠷᠬᠢᠨ ᠬᠠᠮᠤᠭ ᠤᠨ ᠲᠡᠷᠢᠭᠦᠨ ᠳᠤ ᠬᠢᠨᠠᠨ ᠰᠢᠨᠵᠢᠯᠡᠬᠦ | ᠪᠤᠢ︖ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠠᠴᠠ ᠨᠠᠭᠠᠰᠢ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠢ ᠬᠢᠨᠠᠨ | ᠰᠢᠨᠵᠢᠯᠡᠬᠦ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠤᠯ ᠤᠨ ᠠᠵᠢᠯ ᠤᠨ ᠰᠠᠭᠤᠷᠢᠨ | ᠳᠡᠭᠡᠷ᠎ᠡ᠂ ᠬᠢᠯᠢ ᠪᠠᠷ ᠣᠷᠣᠵᠤ ᠢᠷᠡᠭᠰᠡᠨ ᠬᠥᠮᠥᠰ᠂ ᠡᠮᠨᠡᠯᠭᠡ ᠳᠤ ᠣᠴᠢᠬᠤ ᠡᠪᠡᠳᠴᠢᠲᠡᠳ᠂ ᠭᠤᠣᠯᠳᠠᠯᠭ᠎ᠠ ᠲᠠᠢ ᠲᠠᠯᠠᠪᠤᠷ | ᠭᠠᠵᠠᠷ ᠪᠣᠯᠣᠨ ᠭᠤᠣᠯᠳᠠᠯᠭ᠎ᠠ ᠲᠠᠢ ᠬᠥᠮᠥᠰ ᠲᠤ ᠥᠷᠨᠢᠭᠦᠯᠬᠦ ᠦᠯᠢᠭᠡᠷ ᠠᠪᠴᠤ ᠰᠢᠯᠭᠠᠨ ᠪᠠᠶᠢᠴᠠᠭᠠᠯᠭᠠᠬᠤ ᠪᠠ ᠭᠧᠨ ᠤ | ᠳᠠᠷᠠᠭᠠᠯᠠᠯ ᠢ ᠰᠢᠯᠭᠠᠨ ᠪᠠᠶᠢᠴᠠᠭᠠᠬᠤ ᠠᠵᠢᠯ ᠢ ᠴᠢᠩᠭᠠᠳᠬᠠᠪᠠ᠃ ᠭᠠᠳᠠᠭᠠᠳᠤ ᠠᠴᠠ ᠣᠷᠣᠵᠤ ᠢᠷᠡᠭᠰᠡᠨ ᠡᠪᠡᠳᠴᠢᠨ ᠤ | ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠪᠣᠭᠤᠮᠲᠠ ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠠᠢ᠃ | ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠮᠤᠵᠢ ᠨᠢᠭᠡᠪᠦᠷᠢ ᠬᠡᠰᠡᠭ ᠬᠤᠲᠠ ᠪᠠ | ᠡᠮᠨᠡᠯᠭᠡ ᠶᠢᠨ ᠬᠤᠷᠢᠶ᠎ᠠ ᠶᠢ ᠰᠣᠩᠭᠤᠨ ᠬᠢᠨᠠᠨ ᠰᠢᠨᠵᠢᠯᠡᠬᠦ ᠴᠡᠭ ᠪᠣᠯᠭᠠᠵᠤ᠂ ᠡᠭᠦᠳᠡᠨ ᠡᠮᠨᠡᠯᠭᠡ ᠶᠢᠨ ᠡᠪᠡᠳᠴᠢᠨ ᠤ ᠵᠢᠱᠢᠶ᠎ᠡ᠂ | ᠬᠦᠨᠳᠦ ᠡᠪᠡᠳᠴᠢᠲᠡᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠳᠤ ᠵᠣᠬᠢᠬᠤ ᠲᠤᠭ᠎ᠠ ᠬᠡᠮᠵᠢᠶᠡᠨ ᠤ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠶᠢᠨ ᠥᠯᠢᠭᠡᠷ ᠠᠪᠬᠤ ᠪᠠ ᠭᠧᠨ ᠤ ᠳᠠᠷᠠᠭᠠᠯᠠᠯ ᠢ ᠨᠢ | ᠬᠡᠮᠵᠢᠨ ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠬᠤ ᠬᠠᠨᠳᠤᠰᠢ ᠶᠢ ᠬᠥᠳᠡᠯᠦᠩᠭᠦᠢ ᠪᠠᠷ ᠬᠢᠨᠠᠨ | ᠰᠢᠨᠵᠢᠯᠡᠵᠦ᠂ ᠣᠨᠳᠣᠣᠰᠢᠭᠰᠠᠨ ᠰᠢᠨ᠎ᠡ ᠸᠢᠷᠦ᠋ᠰ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠲᠡᠭᠦᠨ ᠤ ᠠᠮᠢᠳᠤ | ᠪᠣᠳᠠᠰ ᠤᠨ ᠰᠤᠳᠤᠯᠤᠯ ᠤᠨ ᠥᠪᠡᠷᠮᠢᠴᠡ ᠴᠢᠨᠠᠷ ᠤᠨ ᠬᠤᠪᠢᠷᠠᠯᠲᠠ ᠶᠢ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ | ᠰᠤᠳᠤᠯᠤᠨ ᠮᠠᠭᠠᠳᠯᠠᠬᠤ᠂ ᠪᠠᠶᠢᠴᠠᠭᠠᠨ ᠰᠢᠯᠭᠠᠬᠤ ᠤᠷᠪᠠᠯᠵᠢ᠂ ᠸᠠᠺᠼᠢᠨ ᠪᠠ ᠡᠮ ᠢ ᠰᠤᠳᠤᠯᠤᠨ ᠨᠡᠭᠡᠭᠡᠬᠦ ᠵᠢᠴᠢ ᠦᠨᠡᠯᠡᠬᠦ | ᠵᠡᠷᠭᠡ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | XBB ᠤᠨ ᠣᠳᠣᠬᠠᠨ ᠳᠤ ᠢᠯᠡᠷᠡᠭᠰᠡᠨ ᠣᠨᠴᠠᠯᠢᠭ ᠨᠢ ᠶᠠᠭᠤ ᠪᠤᠢ︖ ᠡᠪᠡᠳᠴᠢᠯᠡᠭᠦᠯᠬᠦ ᠴᠢᠳᠠᠯ ᠪᠠ ᠬᠤᠣᠷᠲᠤ | ᠴᠢᠨᠠᠷ ᠨᠢ ᠴᠢᠩᠭᠠᠷᠠᠭᠰᠠᠨ ᠤᠤ︖ | ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠭᠠᠰᠢ᠂ ᠮᠠᠨ ᠤ ᠤᠯᠤᠰ ᠰᠢᠨ᠎ᠡ | ᠲᠢᠲᠢᠮᠯᠢᠭ ᠸᠢᠷᠦ᠋ᠰ ᠢ ᠬᠢᠨᠠᠨ ᠰᠢᠨᠵᠢᠯᠡᠬᠦ ᠠᠵᠢᠯ ᠢ ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ ᠤᠨ ᠪᠠᠶᠢᠳᠠᠯ ᠠᠴᠠ | ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ ᠨᠢ ᠭᠤᠣᠯᠳᠠᠭᠤ ᠠᠮᠧᠷᠢᠺᠠ᠂ ᠡᠨᠡᠳᠬᠡᠭ᠂ ᠮᠠᠯᠠᠶᠢᠰᠢᠶ᠎ᠠ ᠪᠣᠯᠣᠨ | ᠰᠢᠩᠭᠠᠫᠤᠷ ᠵᠡᠷᠭᠡ ᠤᠯᠤᠰ ᠲᠤ ᠳᠡᠯᠭᠡᠷᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ XBB ᠨᠢ ᠳᠡᠯᠭᠡᠷᠡᠬᠦ | ᠶᠠᠪᠤᠴᠠ ᠳᠤ ᠪᠠᠰᠠ ᠨᠢᠭᠡᠨ ᠰᠢᠨ᠎ᠡ ᠳᠡᠳ᠋ ᠰᠠᠯᠪᠤᠷᠢ XBB.1.5 ᠪᠣᠶ ᠪᠣᠯᠵᠠᠢ᠂ ᠡᠨᠡ ᠬᠦ ᠬᠤᠪᠢᠰᠤᠭᠰᠠᠨ ᠰᠠᠯᠪᠤᠷᠢ | ᠸᠢᠷᠦ᠋ᠰ ᠨᠢ ᠠᠮᠧᠷᠢᠺᠠ ᠶᠢᠨ ᠣᠳᠣᠬᠠᠨ ᠤ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠳ ᠤᠨ ᠳᠣᠲᠣᠷ᠎ᠠ ᠨᠡᠯᠢᠶᠡᠳ | ᠥᠨᠳᠥᠷ ᠬᠠᠷᠢᠴᠠᠯ ᠲᠠᠢ ᠪᠠᠶᠢᠭ᠎ᠠ ᠪᠥᠭᠡᠳ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠠᠮᠧᠷᠢᠺᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠰᠢᠨᠵᠢᠯᠡᠭᠰᠡᠨ ᠢᠶᠠᠷ ᠢᠷᠡᠭᠡᠳᠦᠢ ᠶᠢᠨ ᠬᠡᠳᠦᠨ ᠭᠠᠷᠠᠭ ᠤᠨ ᠳᠣᠲᠣᠷ᠎ᠠ XBB.1. | 5 ᠨᠢ ᠣᠳᠣᠬᠠᠨ ᠤ ᠠᠮᠧᠷᠢᠺᠠ ᠳᠤ ᠳᠡᠯᠭᠡᠷᠡᠵᠦ ᠪᠠᠶᠢᠭ᠎ᠠ BQ.1 ᠪᠣᠯᠣᠨ BQ.1.1 ᠶᠢ ᠣᠷᠣᠯᠠᠵᠤ᠂ ᠠᠮᠧᠷᠢᠺᠠ ᠳᠤ | ᠳᠡᠯᠭᠡᠷᠡᠬᠦ ᠭᠤᠣᠯ ᠣᠨᠳᠣᠣᠰᠢᠭᠰᠠᠨ ᠸᠢᠷᠦ᠋ᠰ ᠪᠣᠯᠵᠤ ᠮᠡᠳᠡᠨ᠎ᠡ ᠭᠡᠵᠦ ᠵᠢᠱᠢᠵᠦ ᠪᠠᠶᠢᠨ᠎ᠠ᠃ | 2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠳᠡᠯᠡᠬᠡᠢ ᠶᠢᠨ 35 ᠤᠯᠤᠰ ᠪᠠ ᠭᠠᠵᠠᠷ | ᠣᠷᠣᠨ ᠳᠤ XBB.1.5 ᠶᠢ ᠬᠢᠨᠠᠨ ᠰᠢᠨᠵᠢᠯᠡᠵᠦ ᠣᠯᠣᠭᠰᠠᠨ ᠪᠠᠶᠢᠨ᠎ᠠ᠃ ᠮᠠᠨ ᠤ ᠤᠯᠤᠰ ᠤᠨ ᠬᠢᠨᠠᠨ ᠰᠢᠨᠵᠢᠯᠡᠭᠰᠡᠨ | ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠣᠲᠣ | ᠪᠣᠯᠲᠠᠯ᠎ᠠ᠂ ᠮᠠᠨ ᠤ ᠤᠯᠤᠰ XBB ᠤᠨ ᠬᠤᠯᠪᠣᠭᠳᠠᠯ ᠪᠦᠬᠦᠢ ᠲᠤᠬᠠᠢ ᠶᠢᠨ ᠭᠠᠵᠠᠷ ᠤᠨ 16 ᠡᠪᠡᠳᠴᠢᠨ ᠤ ᠵᠢᠱᠢᠶ᠎ᠡ ᠶᠢ | ᠬᠢᠨᠠᠨ ᠰᠢᠨᠵᠢᠯᠡᠵᠦ ᠣᠯᠣᠭᠰᠠᠨ ᠪᠥᠭᠡᠳ ᠴᠥᠮ XBB.1 ᠶᠢᠨ ᠬᠤᠪᠢᠰᠤᠭᠰᠠᠨ ᠰᠠᠯᠪᠤᠷᠢ ᠪᠣᠯᠣᠨ᠎ᠠ᠃ | ᠤᠯᠠᠨ ᠵᠦᠢᠯ ᠤᠨ ᠰᠤᠳᠤᠯᠭᠠᠨ ᠤ ᠦᠷ᠎ᠡ ᠳ᠋ᠦᠩ ᠠᠴᠠ ᠠᠪᠴᠤ ᠦᠵᠡᠪᠡᠯ᠂ XBB ᠤᠨ ᠬᠤᠪᠢᠰᠤᠭᠰᠠᠨ | ᠰᠠᠯᠪᠤᠷᠢ ᠶᠢ ᠨᠢ ᠬᠠᠮᠤᠭ ᠤᠨ ᠡᠷᠲᠡ ᠢᠯᠡᠷᠡᠭᠦᠯᠦᠭᠰᠡᠨ ᠠᠩᠬᠠᠨ ᠤ ᠸᠢᠷᠦ᠋ᠰ ᠪᠠ ᠡᠭᠦᠨ ᠠᠴᠠ ᠡᠮᠦᠨᠡᠬᠢ ᠬᠥᠮᠥᠰ ᠤᠨ | ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠪᠣᠯᠬᠤ ᠳ᠋ᠧᠯᠲ᠋ᠠ ᠣᠨᠳᠣᠣᠰᠢᠭᠰᠠᠨ ᠸᠢᠷᠦ᠋ᠰ ᠪᠠ ᠤᠮᠢᠺᠷᠤᠨ | ᠮᠡᠲᠦ ᠶᠢᠨ ᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ ᠲᠠᠢ ᠬᠠᠷᠢᠴᠠᠭᠤᠯᠪᠠᠯ ᠡᠭᠡᠯᠢᠯᠡᠭᠡ ᠶᠢᠨ ᠳᠤᠲᠠᠭᠠᠨ | ᠵᠠᠶᠢᠯᠠᠬᠤ ᠴᠢᠳᠠᠪᠤᠷᠢ ᠨᠢ ᠢᠯᠡᠳᠲᠡ ᠨᠡᠮᠡᠭᠳᠡᠵᠡᠢ᠂ ᠡᠨᠡ ᠨᠢ ᠮᠥᠨ ᠴᠦ XBB ᠤᠨ ᠠᠮᠧᠷᠢᠺᠠ ᠵᠡᠷᠭᠡ ᠤᠯᠤᠰ ᠲᠠᠬᠢ | ᠬᠠᠯᠳᠠᠪᠤᠷᠢᠯᠠᠯ ᠤᠨ ᠲᠦᠭᠰᠢᠭᠦᠷᠢ ᠶᠢ ᠢᠯᠡᠳᠲᠡ ᠨᠡᠮᠡᠭᠳᠡᠭᠦᠯᠬᠦ ᠬᠠᠨᠳᠤᠰᠢ ᠶᠢ ᠪᠤᠢ ᠪᠣᠯᠭᠠᠭᠰᠠᠨ ᠪᠠᠶᠢᠨ᠎ᠠ᠃ ᠣᠳᠣᠬᠠᠨ ᠤ | ᠮᠡᠳᠡᠭᠡᠯᠡᠯ ᠪᠠ ᠰᠤᠳᠤᠯᠭᠠᠨ ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ ᠲᠤ ᠬᠠᠯᠳᠠᠪᠤᠷᠢᠯᠠᠭᠳᠠᠭᠰᠠᠨ | ᠬᠦᠨᠳᠦ ᠡᠪᠡᠳᠴᠢᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠶᠢᠨ ᠨᠡᠮᠡᠭᠳᠡᠭᠰᠡᠨ ᠪᠠᠶᠢᠳᠠᠯ ᠠᠵᠢᠭᠯᠠᠭᠳᠠᠭᠰᠠᠨ ᠦᠭᠡᠢ᠂ | ᠥᠭᠡᠷ᠎ᠡ ᠪᠠᠷ ᠬᠡᠯᠡᠪᠡᠯ ᠲᠡᠭᠦᠨ ᠤ ᠡᠪᠡᠳᠴᠢᠯᠡᠭᠦᠯᠬᠦ ᠴᠢᠳᠠᠯ ᠨᠢ ᠢᠯᠡᠷᠬᠡᠢ ᠨᠡᠮᠡᠭᠳᠡᠭᠰᠡᠨ ᠦᠭᠡᠢ᠃ | ᠶᠠᠭᠤᠨ ᠳᠤ ᠬᠤᠳᠠ ᠶᠢᠨ ᠪᠣᠬᠢᠷ ᠤᠰᠤ ᠶᠢ ᠬᠢᠨᠠᠨ ᠰᠢᠨᠵᠢᠯᠡᠬᠦ ᠠᠷᠭ᠎ᠠ ᠶᠢ ᠠᠪᠬᠤ ᠪᠤᠢ︖ | ᠰᠠᠭᠤᠭᠠᠯᠢ ᠠᠷᠠᠳ ᠤᠨ ᠠᠰᠠᠷ ᠤᠨ ᠪᠣᠬᠢᠷ ᠤᠰᠤᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠬᠢᠬᠦ | ᠨᠢ ᠲᠤᠬᠠᠢ ᠶᠢᠨ ᠰᠠᠭᠤᠭᠠᠯᠢ ᠠᠷᠠᠳ ᠤᠨ ᠠᠰᠠᠷ ᠤᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠨᠠᠩ | ᠰᠠᠶᠢᠨ ᠪᠠᠳᠠᠷᠠᠭᠤᠯᠵᠤ ᠪᠣᠯᠬᠤ ᠶᠤᠮ᠂ ᠰᠢᠶᠠᠩᠭᠠᠩ ᠨᠡᠶᠢᠭᠡᠮ ᠲᠣᠭᠤᠷᠢᠭ ᠤᠨ ᠪᠣᠬᠢᠷ ᠤᠰᠤ ᠶᠢ ᠬᠢᠨᠠᠨ ᠰᠢᠨᠵᠢᠯᠡᠬᠦ ᠪᠠᠷ | ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ ᠶᠢ ᠴᠠᠭ ᠲᠤᠬᠠᠢ ᠳᠤ ᠨᠢ ᠢᠯᠡᠷᠡᠭᠦᠯᠵᠦ᠂ ᠠᠷᠭ᠎ᠠ | ᠴᠢᠨᠠᠷᠲᠠᠢ ᠬᠠᠯᠳᠠᠪᠤᠷᠢᠯᠠᠭᠰᠠᠳ ᠢ ᠤᠯᠠᠮ ᠨᠢᠭᠡ ᠠᠯᠬᠤᠮ ᠮᠥᠷᠳᠡᠨ ᠢᠯᠡᠷᠡᠭᠦᠯᠵᠦ᠂ ᠵᠣᠬᠢᠬᠤ ᠬᠢᠵᠠᠭᠠᠷᠯᠠᠬᠤ ᠠᠷᠭ᠎ᠠ ᠬᠡᠮᠵᠢᠶ᠎ᠡ | ᠠᠪᠴᠤ ᠪᠠᠶᠢᠨ᠎ᠠ᠂ ᠡᠭᠦᠨ ᠢ ᠭᠤᠣᠯᠳᠠᠭᠤ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠬᠠᠷᠠᠬᠠᠨ ᠶᠡᠭᠡ | ᠬᠡᠪᠴᠢᠶ᠎ᠡ ᠪᠠᠷ ᠳᠡᠯᠭᠡᠷᠡᠭᠡ ᠦᠭᠡᠢ ᠦᠶ᠎ᠡ ᠳᠤ ᠬᠡᠷᠡᠭᠯᠡᠨ᠎ᠡ᠃ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠳᠤ ᠰᠢᠨ᠎ᠡ | ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠶᠢ ᠥᠷᠨᠢᠭᠦᠯᠪᠡᠯ᠂ ᠬᠠᠷᠢᠶ᠎ᠠ ᠲᠣᠭᠤᠷᠢᠭ ᠤᠨ ᠨᠠᠩ ᠶᠡᠭᠡ ᠬᠡᠪᠴᠢᠶᠡᠨ ᠳᠠᠬᠢ | ᠬᠥᠮᠥᠰ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠬᠠᠨᠳᠤᠰᠢ ᠶᠢᠨ ᠬᠤᠪᠢᠷᠠᠯᠲᠠ ᠶᠢ ᠦᠨᠡᠯᠡᠨ ᠵᠢᠱᠢᠵᠦ | ᠪᠣᠯᠣᠨ᠎ᠠ᠂ ᠡᠭᠦᠨ ᠢ ᠨᠠᠩ ᠣᠷᠳᠣ ᠬᠤᠭᠤᠴᠠᠭ᠎ᠠ ᠪᠠ ᠨᠠᠩ ᠶᠡᠭᠡ ᠬᠡᠪᠴᠢᠶᠡᠨ ᠤ ᠬᠢᠨᠠᠨ ᠰᠢᠨᠵᠢᠯᠡᠯᠲᠡ ᠳᠤ ᠬᠡᠷᠡᠭᠯᠡᠵᠦ | ᠪᠣᠯᠣᠨ᠎ᠠ᠃ ᠨᠡᠶᠢᠭᠡᠮ ᠲᠣᠭᠤᠷᠢᠭ ᠲᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠪᠠ ᠪᠣᠬᠢᠷ ᠤᠰᠤ ᠶᠢ ᠴᠡᠪᠡᠷᠰᠢᠭᠦᠯᠬᠦ | ᠦᠢᠯᠡᠳᠪᠦᠷᠢ ᠳᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠵᠣᠷᠢᠯᠭ᠎ᠠ ᠨᠢ ᠲᠣᠰ ᠲᠣᠰ ᠤᠨ ᠬᠢᠨᠢ ᠭᠤᠣᠯᠳᠠᠯᠭ᠎ᠠ ᠲᠠᠢ ᠶᠤᠮ᠃ | ᠣᠳᠣᠬᠢ ᠱᠠᠲᠤᠨ ᠳᠤ᠂ ᠮᠠᠨ ᠤ ᠤᠯᠤᠰ ᠤᠨ ᠳᠣᠲᠣᠷ᠎ᠠ ᠭᠠᠵᠠᠷ ᠤᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠨᠢ | ᠮᠥᠨ ᠬᠦ ᠳᠡᠯᠭᠡᠷᠡᠬᠦ ᠱᠠᠲᠤᠨ ᠳᠤ ᠪᠠᠨ ᠣᠷᠣᠰᠢᠵᠤ ᠪᠠᠶᠢᠨ᠎ᠠ᠂ ᠡᠶᠢᠮᠦ ᠠᠴᠠ ᠪᠢᠳᠡ ᠪᠥᠬᠦ ᠤᠯᠤᠰ ᠤᠨ ᠨᠥᠬᠦᠴᠡᠯ ᠲᠠᠢ | ᠬᠤᠲᠠ ᠳᠤ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ | ᠬᠦᠴᠦᠯᠡᠴᠡ᠂ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠬᠠᠪᠰᠤᠷᠤᠨ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ | ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠠᠵᠢᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠶᠢᠨ᠎ᠠ᠃ | | ︱ ᠸᠠᠺᠼᠢᠨ ᠤ ᠲᠠᠷᠢᠯᠭ᠎ᠠ ︱ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠣᠶ︖ | ᠨᠢᠭᠡᠳᠦᠭᠡᠷ ᠲᠤ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ | ᠪᠠᠷᠢᠮᠲᠠᠯᠠᠬᠤ ᠶᠢ ᠤᠯᠠᠮ ᠨᠢᠭᠡ ᠠᠯᠬᠤᠮ ᠴᠢᠬᠤᠯᠠᠴᠢᠯᠠᠵᠤ᠂ 3 ᠨᠠᠰᠤᠨ ᠠᠴᠠ ᠳᠡᠭᠡᠭᠰᠢᠬᠢ ᠬᠥᠮᠥᠰ ᠲᠤ ᠴᠡᠭᠡᠷᠯᠡᠬᠦ ᠵᠦᠢᠯ | ᠪᠠᠶᠢᠬᠤ ᠦᠭᠡᠢ ᠪᠣᠯ ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠣᠯᠠᠨ ᠲᠦᠮᠡᠨ | ᠢᠯᠠᠩᠭᠤᠶ᠎ᠠ ᠨᠠᠰᠤᠲᠠᠶᠢᠴᠤᠳ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠬᠢᠬᠦ᠂ ᠨᠥᠬᠦᠴᠡᠯ ᠳᠤ ᠨᠡᠶᠢᠴᠡᠪᠡᠯ ᠡᠭᠡᠯᠢᠯᠡᠭᠡ | ᠴᠢᠩᠭᠠᠳᠬᠠᠬᠤ ᠲᠠᠷᠢᠯᠭ᠎ᠠ ᠬᠢᠬᠦ ᠶᠢ ᠰᠠᠨᠠᠭᠠᠴᠢᠯᠠᠵᠤ ᠪᠠᠶᠢᠨ᠎ᠠ᠃ | ᠬᠤᠶᠠᠳᠤᠭᠠᠷ ᠲᠤ᠂ ᠨᠥᠬᠦᠴᠡᠯ ᠳᠤ ᠨᠡᠶᠢᠴᠡᠬᠦ 18 ᠨᠠᠰᠤ ᠵᠢᠴᠢ 18 ᠨᠠᠰᠤᠨ ᠠᠴᠠ ᠳᠡᠭᠡᠭᠰᠢᠬᠢ ᠬᠥᠮᠥᠰ ᠲᠤ 1 | ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ | ᠶᠠᠪᠤᠴᠠ ᠳᠤ᠂ ᠬᠡᠯᠬᠢᠶ᠎ᠡ ᠡᠭᠡᠯᠢᠯᠡᠭᠡ ᠶᠢ ᠰᠣᠩᠭᠤᠭᠰᠠᠨ ᠴᠤ ᠲᠡᠷᠡ᠂ ᠢᠵᠢᠯᠢ ᠡᠭᠦᠰᠦᠯᠳᠦ ᠡᠭᠡᠯᠢᠯᠡᠭᠡ ᠶᠢ ᠰᠣᠩᠭᠤᠭᠰᠠᠨ | ᠴᠤ ᠲᠡᠷᠡ᠂ ᠬᠠᠮᠲᠤ ᠳᠤ ᠨᠢ ᠬᠢᠵᠦ ᠪᠣᠯᠬᠤ ᠦᠭᠡᠢ᠂ ᠵᠥᠪᠬᠡᠨ ᠨᠢᠭᠡ ᠶᠢ ᠨᠢ ᠰᠣᠩᠭᠤᠬᠤ ᠬᠡᠷᠡᠭᠲᠡᠢ ᠭᠡᠵᠦ ᠣᠨᠴᠠᠭᠠᠶᠢᠯᠠᠨ | ᠴᠢᠬᠤᠯᠠᠴᠢᠯᠠᠭᠰᠠᠨ ᠪᠠᠶᠢᠨ᠎ᠠ᠃ | ᠭᠤᠷᠪᠠᠳᠤᠭᠠᠷ ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠬᠦᠨᠳᠦ ᠰᠠᠭᠤᠷᠢ ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠬᠤᠮᠰᠠᠳᠠᠯ ᠲᠠᠢ ᠬᠥᠮᠥᠰ ᠵᠡᠷᠭᠡ | ᠬᠠᠯᠳᠠᠪᠤᠷᠢᠯᠠᠭᠳᠠᠭᠰᠠᠨ ᠤ ᠳᠠᠷᠠᠭ᠎ᠠ ᠠᠮᠠᠷᠬᠠᠨ ᠬᠦᠨᠳᠦ ᠡᠪᠡᠳᠴᠢᠨ ᠡᠭᠦᠰᠬᠦ ᠬᠥᠮᠥᠰ ᠲᠤ ᠬᠤᠶᠠᠳᠠᠭᠢ ᠤᠳᠠᠭᠠᠨ ᠤ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠴᠢᠬᠤᠯᠠᠴᠢᠯᠠᠵᠠᠢ᠃ ᠬᠤᠶᠠᠳᠤᠭᠠᠷ ᠤᠳᠠᠭ᠎ᠠ ᠶᠢᠨ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠨᠢ 6 | ᠰᠠᠷ᠎ᠠ ᠠᠴᠠ ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷ ᠲᠦᠭᠰᠢᠭᠦᠷᠢ ᠶᠡᠬᠡᠲᠡᠢ ᠬᠥᠮᠥᠰ᠂ ᠨᠠᠰᠤᠲᠠᠶᠢᠴᠤᠳ᠂ ᠰᠠᠭᠤᠷᠢ | ᠴᠢᠨᠠᠷᠲᠠᠢ ᠡᠪᠡᠳᠴᠢᠨ ᠲᠠᠢ ᠬᠥᠮᠥᠰ ᠤᠨ ᠬᠤᠶᠠᠳᠠᠭᠢ ᠤᠳᠠᠭᠠᠨ ᠤ ᠡᠭᠡᠯᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ | ᠲᠡᠳᠡᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠵᠣᠷᠢᠵᠤ ᠪᠠᠶᠢᠨ᠎ᠠ᠂ ᠡᠭᠦᠨ ᠳᠤ ᠪᠥᠬᠦ ᠶᠠᠪᠤᠴᠠ ᠶᠢᠨ | ᠲᠠᠷᠢᠯᠭ᠎ᠠ ᠶᠢᠨ ᠨᠣᠷᠮ᠎ᠠ ᠪᠠ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠨᠢ ᠵᠠᠩᠭᠢᠯᠠᠭ᠎ᠠ | ᠪᠣᠯᠣᠨ᠎ᠠ᠃ | ᠬᠠᠯᠳᠠᠪᠤᠷᠢᠯᠠᠭᠳᠠᠭᠰᠠᠨ ᠤ ᠳᠠᠷᠠᠭ᠎ᠠ ᠬᠡᠳᠦᠢ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠵᠦ ᠪᠣᠯᠬᠤ ᠪᠣᠶ︖ | ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠨᠤᠲᠠᠯᠠᠭᠰᠠᠨ ᠪᠠᠶᠢᠪᠠᠯ᠂ ᠣᠶᠢᠷ᠎ᠠ ᠶᠢᠨ ᠬᠤᠭᠤᠴᠠᠭᠠᠨ ᠳᠤ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ᠃ ᠣᠯᠠᠨ ᠵᠦᠢᠯ ᠤᠨ ᠰᠤᠳᠤᠯᠭᠠᠨ ᠤ | ᠢᠯᠡᠷᠡᠭᠦᠯᠦᠭᠰᠡᠨ ᠢᠶᠠᠷ᠂ ᠵᠥᠪᠬᠡᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠴᠠ ᠪᠣᠢ ᠪᠣᠯᠤᠭᠰᠠᠨ | ᠡᠭᠡᠯᠢᠯᠡᠭᠡ ᠶᠢᠨ ᠴᠢᠳᠠᠪᠤᠷᠢ ᠨᠢ ᠸᠢᠷᠦ᠋ᠰ ᠲᠤ ᠬᠠᠯᠳᠠᠪᠤᠷᠢᠯᠠᠭᠳᠠᠭᠰᠠᠨ ᠪᠠ ᠸᠠᠺᠼᠢᠨ ᠤ ᠲᠠᠷᠢᠯᠭ᠎ᠠ ᠬᠢᠭᠰᠡᠨ ᠠᠴᠠ ᠪᠣᠢ | ᠪᠣᠯᠤᠭᠰᠠᠨ ᠡᠭᠡᠯᠢᠯᠡᠭᠡ ᠶᠢᠨ ᠴᠢᠳᠠᠪᠤᠷᠢ ᠠᠴᠠ ᠪᠠᠭᠤᠷᠠᠢ ᠪᠠᠶᠢᠳᠠᠭ᠃ ᠡᠶᠢᠮᠦ ᠠᠴᠠ ᠵᠠᠷᠢᠮ ᠬᠥᠮᠥᠰ ᠡᠭᠡᠯᠢᠯᠡᠭᠡ ᠶᠢᠨ | ᠵᠢᠷᠤᠮ ᠢᠶᠠᠷ ᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠪᠠᠶᠢᠳᠠᠭ᠃ ᠣᠳᠣᠬᠠᠨ ᠤ ᠲᠣᠭᠲᠠᠭᠠᠯ ᠢ ᠦᠨᠳᠦᠰᠦᠯᠡᠪᠡᠯ᠂ | ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ ᠤᠨ ᠬᠤᠭᠤᠷᠣᠨᠳᠣᠬᠢ ᠵᠠᠢ ᠨᠢ 6 ᠰᠠᠷ᠎ᠠ ᠠᠴᠠ ᠳᠣᠷᠣᠭᠰᠢ ᠪᠠᠶᠢᠵᠤ | ᠪᠣᠯᠬᠤ ᠦᠭᠡᠢ᠃ ᠡᠭᠦᠨ ᠳᠤ ᠭᠤᠣᠯᠳᠠᠭᠤ ᠥᠩᠭᠡᠷᠡᠭᠰᠡᠨ ᠤ ᠬᠢᠨᠠᠨ ᠰᠢᠨᠵᠢᠯᠡᠯᠲᠡ ᠪᠠ ᠰᠤᠳᠤᠯᠭᠠᠨ ᠠᠴᠠ ᠦᠵᠡᠪᠡᠯ᠂ 6 | ᠰᠠᠷ᠎ᠠ ᠶᠢᠨ ᠳᠣᠲᠣᠷ᠎ᠠ ᠬᠠᠯᠳᠠᠪᠤᠷᠢᠯᠠᠭᠳᠠᠬᠤ ᠬᠠᠷᠢᠴᠠᠯ ᠨᠢ ᠲᠤᠶᠢᠯ ᠤᠨ ᠳᠣᠣᠷ᠎ᠠ ᠪᠠᠶᠢᠳᠠᠭ᠃ ᠬᠠᠯᠳᠠᠪᠤᠷᠢᠯᠠᠯ ᠪᠠ ᠸᠠᠺᠼᠢᠨ ᠤ | ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠨᠢ ᠦᠨᠡᠨ ᠳᠤ ᠪᠠᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢᠨ ᠵᠢᠷᠤᠮ ᠤᠨ | ᠨᠢᠭᠡ ᠬᠡᠰᠡᠭ ᠮᠥᠨ᠂ ᠸᠠᠺᠼᠢᠨ ᠤ ᠰᠤᠳᠤᠯᠭᠠᠨ ᠤ ᠭᠦᠨᠵᠡᠭᠡᠶᠢᠷᠡᠯ ᠵᠢᠴᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠬᠡᠷᠡᠭᠴᠡᠭᠡ ᠶᠢ ᠳᠠᠭᠠᠯᠳᠤᠨ᠂ ᠡᠭᠡᠯᠢᠯᠡᠭᠡ ᠶᠢ ᠴᠢᠩᠭᠠᠳᠬᠠᠬᠤ ᠠᠷᠭ᠎ᠠ ᠪᠣᠳᠣᠯᠭ᠎ᠠ ᠳᠤ ᠴᠤ ᠬᠤᠯᠪᠣᠭᠳᠠᠯ ᠪᠦᠬᠦᠢ | ᠲᠡᠭᠦᠯᠳᠡᠷᠵᠢᠭᠦᠯᠬᠦ ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ ᠳᠤ ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠪᠠᠭᠲᠠᠵᠤ | ᠪᠠᠶᠢᠳᠠᠭ᠃ | ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠶᠠᠮᠠᠷ | ᠶᠠᠮᠠᠷ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠠᠯᠢ | ᠴᠢᠳᠠᠬᠤ ᠪᠠᠷ ᠰᠡᠷᠭᠡᠶᠢᠯᠡᠬᠦ ᠪᠣᠶ︖ | ᠨᠠᠰᠤᠲᠠᠶᠢᠴᠤᠳ ᠲᠤ ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠠᠴᠠ ᠪᠣᠯᠵᠤ ᠵᠠᠷᠢᠮ | ᠬᠦᠨᠳᠦ ᠡᠪᠡᠳᠴᠢᠨ ᠤ ᠰᠢᠨᠵᠢ ᠢᠯᠡᠷᠡᠬᠦ ᠠᠴᠠ ᠭᠠᠳᠠᠨ᠎ᠠ᠂ ᠵᠠᠷᠢᠮ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ | ᠬᠠᠯᠳᠠᠪᠤᠷᠢᠲᠤ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ ᠪᠥᠮᠪᠥᠭᠡᠨ ᠪᠠᠺᠲ᠋ᠧᠷᠢ ᠵᠡᠷᠭᠡ | ᠨᠠᠰᠤᠲᠠᠶᠢᠴᠤᠳ ᠲᠤ ᠠᠪᠴᠤ ᠬᠡᠯᠡᠪᠡᠯ ᠪᠠᠰᠠ ᠬᠦᠨᠳᠦ ᠡᠪᠡᠳᠴᠢᠨ ᠳᠤ ᠨᠡᠷᠪᠡᠭᠳᠡᠬᠦ ᠪᠠᠶᠢᠳᠠᠯ ᠢ ᠪᠣᠶ ᠪᠣᠯᠭᠠᠳᠠᠭ ᠬᠤᠯᠪᠣᠭᠳᠠᠯ | ᠪᠦᠬᠦᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠪᠣᠯᠣᠨ᠎ᠠ᠃ ᠨᠠᠰᠤᠲᠠᠶᠢᠴᠤᠳ ᠨᠢᠭᠡ ᠲᠠᠯ᠎ᠠ ᠪᠠᠷ ᠥᠪᠡᠷ ᠤᠨ ᠪᠡᠶ᠎ᠡ ᠶᠢᠨ | ᠡᠭᠡᠯᠢᠯᠡᠭᠡ ᠶᠢᠨ ᠴᠢᠳᠠᠪᠤᠷᠢ ᠨᠢ ᠪᠠᠭᠤᠷᠠᠵᠤ᠂ ᠨᠥᠭᠦᠭᠡ ᠲᠠᠯ᠎ᠠ ᠪᠠᠷ ᠣᠯᠠᠩᠬᠢ ᠨᠢ ᠤᠳᠠᠭᠠᠨ ᠴᠢᠨᠠᠷᠲᠠᠢ ᠰᠠᠭᠤᠷᠢ ᠴᠢᠨᠠᠷᠲᠠᠢ | ᠡᠪᠡᠳᠴᠢᠨ ᠲᠠᠢ ᠪᠠᠶᠢᠵᠤ᠂ ᠬᠡᠷᠪᠡ ᠬᠠᠯᠳᠠᠪᠤᠷᠢᠲᠤ ᠲᠠᠭᠰᠢᠭᠤᠷ ᠪᠠ ᠠᠭᠤᠰᠬᠢᠨ ᠦᠷᠪᠢᠰᠦᠯ ᠤᠨ ᠪᠥᠮᠪᠥᠭᠡᠨ ᠪᠠᠺᠲ᠋ᠧᠷᠢ ᠳᠤ | ᠬᠠᠯᠳᠠᠪᠤᠷᠢᠯᠠᠭᠳᠠᠪᠠᠯ᠂ ᠬᠠᠯᠳᠠᠪᠤᠷᠢᠯᠠᠭᠳᠠᠭᠰᠠᠨ ᠡᠪᠡᠳᠴᠢᠨ ᠨᠢ ᠡᠲᠡᠭᠡᠷ ᠬᠥᠮᠥᠰ ᠤᠨ ᠳᠤᠮᠳᠠ ᠬᠦᠨᠳᠦ ᠡᠪᠡᠳᠴᠢᠨ ᠢ | ᠡᠭᠦᠰᠬᠡᠵᠦ ᠮᠡᠳᠡᠨ᠎ᠡ᠃ ᠡᠭᠦᠨ ᠠᠴᠠ ᠭᠠᠳᠠᠨ᠎ᠠ ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠠᠯᠳᠠᠪᠤᠷᠢᠯᠠᠭᠳᠠᠭᠰᠠᠨ ᠤ | ᠳᠠᠷᠠᠭ᠎ᠠ᠂ ᠤᠤᠯ ᠤᠨ ᠪᠠᠶᠢᠭᠰᠠᠨ ᠰᠠᠭᠤᠷᠢ ᠴᠢᠨᠠᠷᠲᠠᠢ ᠡᠪᠡᠳᠴᠢᠨ ᠡᠮᠭᠡᠭ᠂ ᠵᠢᠱᠢᠶᠡᠯᠡᠪᠡᠯ ᠠᠭᠰᠠᠭ᠎ᠠ᠂ ᠠᠷᠬᠠᠭ ᠪᠥᠭᠯᠡᠷᠬᠡᠢ | ᠴᠢᠨᠠᠷᠲᠤ ᠠᠭᠤᠰᠬᠢᠨ ᠤ ᠡᠪᠡᠳᠴᠢᠨ᠂ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠶᠢ ᠤᠯᠠᠮ ᠨᠢᠭᠡ | ᠠᠯᠬᠤᠮ ᠬᠦᠨᠳᠦᠷᠡᠭᠦᠯᠦᠨ᠎ᠡ᠃ ᠡᠶᠢᠮᠦ ᠠᠴᠠ ᠡᠶᠢᠮᠦᠷᠬᠦ ᠪᠠᠶᠢᠳᠠᠯ ᠤᠨ ᠳᠣᠣᠷ᠎ᠠ᠂ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ | ᠨᠡᠶᠢᠴᠡᠬᠦ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ | ᠬᠠᠯᠳᠠᠪᠤᠷᠢᠲᠤ ᠲᠠᠭᠰᠢᠭᠤᠷ ᠤᠨ ᠸᠠᠺᠼᠢᠨ᠂ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠤ ᠲᠠᠷᠢᠯᠭ᠎ᠠ ᠬᠢᠯᠭᠡᠵᠦ᠂ | ᠲᠡᠳᠡᠨ ᠢ ᠨᠠᠩ ᠰᠠᠶᠢᠨ ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃ | ᠬᠡᠦᠬᠡᠳ ᠤᠨ ᠪᠠᠶᠢᠩᠭᠤ ᠶᠢᠨ ᠸᠠᠺᠼᠢᠨ ᠤ ᠲᠠᠷᠢᠯᠭ᠎ᠠ ᠶᠢ ᠬᠤᠶᠢᠰᠢᠯᠠᠭᠤᠯᠬᠤ ᠨᠢ ᠡᠩ ᠤᠨ ᠪᠠᠶᠢᠳᠠᠯ ᠳᠤ ᠦᠷ᠎ᠡ | ᠳ᠋ᠦᠩ ᠢ ᠨᠢ ᠨᠥᠯᠥᠭᠡᠯᠡᠬᠦ ᠦᠭᠡᠢ᠂ ᠭᠡᠪᠡᠴᠦ ᠴᠠᠭ ᠲᠤᠬᠠᠢ ᠳᠤ ᠨᠢ ᠨᠥᠬᠦᠵᠦ ᠳᠠᠷᠢᠬᠤ ᠬᠡᠷᠡᠭᠲᠡᠢ | ᠸᠠᠺᠼᠢᠨ ᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠨᠢᠭᠡ ᠳᠤ ᠴᠠᠭ ᠲᠤᠬᠠᠢ ᠳᠤ ᠨᠢ ᠸᠠᠺᠼᠢᠨ | ᠤ ᠲᠠᠷᠢᠯᠭ᠎ᠠ ᠬᠢᠯᠭᠡᠬᠦ ᠬᠡᠷᠡᠭᠲᠡᠢ᠂ ᠬᠤᠶᠠᠷ ᠲᠤ ᠪᠥᠬᠦ ᠶᠠᠪᠤᠴᠠ ᠶᠢᠨ ᠲᠠᠷᠢᠯᠭ᠎ᠠ ᠬᠢᠯᠭᠡᠬᠦ ᠬᠡᠷᠡᠭᠲᠡᠢ᠃ ᠬᠡᠷᠪᠡ ᠲᠠᠷᠢᠯᠭ᠎ᠠ ᠶᠢ | ᠬᠤᠶᠢᠰᠢᠯᠠᠭᠤᠯᠪᠠᠯ ᠡᠩ ᠤᠨ ᠪᠠᠶᠢᠳᠠᠯ ᠳᠤ ᠦᠷ᠎ᠡ ᠳ᠋ᠦᠩ ᠢ ᠨᠥᠯᠥᠭᠡᠯᠡᠬᠦ ᠦᠭᠡᠢ᠂ ᠭᠡᠪᠡᠴᠦ ᠬᠠᠯᠳᠠᠪᠤᠷᠢᠯᠠᠯ ᠤᠨ | ᠲᠦᠭᠰᠢᠭᠦᠷᠢ ᠶᠢ ᠨᠡᠮᠡᠭᠳᠡᠭᠦᠯᠦᠨ᠎ᠡ᠂ ᠤᠴᠢᠷ ᠨᠢ ᠪᠥᠬᠦ ᠶᠠᠪᠤᠴᠠ ᠶᠢᠨ ᠲᠠᠷᠢᠯᠭ᠎ᠠ ᠶᠢ ᠬᠢᠯᠭᠡᠭᠰᠡᠨ ᠦᠭᠡᠢ ᠪᠤᠶᠤ ᠸᠠᠺᠼᠢᠨ ᠤ | ᠲᠠᠷᠢᠯᠭ᠎ᠠ ᠬᠢᠯᠭᠡᠭᠡ ᠦᠭᠡᠢ ᠠᠴᠠ ᠡᠭᠡᠯᠢᠯᠡᠭᠡ ᠶᠢᠨ ᠴᠢᠳᠠᠪᠤᠷᠢ ᠨᠢ ᠪᠦᠷᠢᠮᠦᠰᠦᠨ ᠪᠣᠶ ᠪᠣᠯᠵᠤ ᠳᠡᠶᠢᠯᠦᠭᠡᠳᠦᠢ ᠪᠠᠶᠢᠵᠤ᠂ | ᠬᠠᠯᠳᠠᠪᠤᠷᠢᠯᠠᠯ ᠤᠨ ᠡᠬᠢ ᠡᠭᠦᠰᠪᠦᠷᠢ ᠢᠯᠡᠷᠡᠬᠦ ᠦᠶ᠎ᠡ ᠳᠤ ᠡᠪᠡᠳᠴᠢᠨ ᠡᠮᠭᠡᠭ ᠲᠤ ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ | ᠃ ᠡᠶᠢᠮᠦ ᠠᠴᠠ ᠡᠯ᠎ᠡ ᠭᠠᠵᠠᠷ ᠤᠨ ᠰᠡᠷᠭᠡᠶᠢᠯᠡᠬᠦ ᠲᠠᠷᠢᠯᠭ᠎ᠠ ᠶᠢᠨ ᠨᠢᠭᠡᠴᠢ ᠨᠢ ᠬᠡᠪ ᠤᠨ ᠠᠵᠢᠯ ᠢᠶᠠᠨ ᠡᠬᠢᠯᠡᠭᠦᠯᠦᠭᠰᠡᠨ ᠤ | ᠳᠠᠷᠠᠭ᠎ᠠ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤ ᠨᠢ ᠨᠥᠬᠦᠵᠦ ᠬᠢᠬᠦ ᠬᠡᠷᠡᠭᠲᠡᠢ᠂ ᠶᠠᠮᠠᠷ ᠸᠠᠺᠼᠢᠨ ᠤ ᠲᠠᠷᠢᠯᠭ᠎ᠠ ᠶᠢ | ᠬᠢᠯᠭᠡᠭᠡ ᠦᠭᠡᠢ᠂ ᠶᠠᠮᠠᠷ ᠸᠠᠺᠼᠢᠨ ᠢ ᠨᠥᠬᠦᠵᠦ ᠬᠢᠯᠭᠡᠬᠦ ᠴᠢᠬᠤᠯᠠᠲᠠᠢ ᠭᠡᠳᠡᠭ ᠢ ᠭᠡᠷ ᠤᠨ ᠠᠬᠠᠮᠠᠳ ᠨᠢᠭᠡᠪᠦᠷᠢ ᠲᠠᠷᠢᠯᠭ᠎ᠠ ᠶᠢᠨ | ᠦᠨᠡᠮᠯᠡᠯ ᠲᠠᠢ ᠪᠠᠶᠢᠵᠤ᠂ ᠲᠡᠷᠡ ᠲᠠᠷᠢᠯᠭ᠎ᠠ ᠶᠢᠨ ᠦᠨᠡᠮᠯᠡᠯ ᠳᠡᠭᠡᠷ᠎ᠡ ᠴᠥᠮ ᠲᠡᠮᠳᠡᠭᠯᠡᠯ ᠲᠠᠢ ᠪᠠᠶᠢᠳᠠᠭ᠃ ᠲᠣᠭᠲᠠᠭᠠᠯ | ᠶᠣᠰᠣᠭᠠᠷ ᠠᠯᠢ ᠠᠯᠢ ᠶᠢ ᠨᠢ ᠬᠢᠯᠭᠡᠭᠰᠡᠨ᠂ ᠠᠯᠢ ᠠᠯᠢ ᠶᠢ ᠨᠢ ᠬᠢᠯᠭᠡᠭᠰᠡᠨ ᠦᠭᠡᠢ ᠭᠡᠳᠡᠭ ᠢ ᠲᠠᠷᠢᠯᠭ᠎ᠠ ᠶᠢᠨ ᠦᠨᠡᠮᠯᠡᠯ ᠢᠶᠠᠨ | ᠠᠪᠴᠤ ᠲᠠᠷᠢᠯᠭ᠎ᠠ ᠶᠢᠨ ᠨᠢᠭᠡᠴᠢ ᠳᠤ ᠣᠴᠢᠭᠰᠠᠨ ᠤ ᠳᠠᠷᠠᠭ᠎ᠠ᠂ ᠲᠠᠷᠢᠯᠭ᠎ᠠ ᠬᠢᠬᠦ ᠡᠮᠴᠢ ᠠᠴᠠ ᠬᠡᠦᠬᠡᠳ ᠤᠨ ᠪᠠᠶᠢᠳᠠᠯ ᠢ | ᠦᠨᠳᠦᠰᠦᠯᠡᠨ ᠬᠠᠷᠠᠭᠠᠯᠵᠠᠭᠰᠠᠨ ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭᠠᠨ ᠳᠤ᠂ ᠵᠠᠷᠢᠮ ᠬᠡᠦᠬᠡᠳ ᠰᠢᠨ᠎ᠡ | ᠡᠪᠡᠳᠴᠢᠨ ᠤ ᠸᠢᠷᠦ᠋ᠰ ᠲᠤ ᠨᠡᠷᠪᠡᠭᠳᠡᠵᠦ᠂ ᠡᠪᠡᠳᠴᠢᠨ ᠨᠢ ᠨᠢᠭᠡᠨᠲᠡ ᠡᠳᠡᠭᠡᠷᠡᠭᠰᠡᠨ ᠪᠥᠭᠡᠳ ᠸᠠᠺᠼᠢᠨ ᠤ ᠲᠠᠷᠢᠯᠭ᠎ᠠ ᠬᠢᠬᠦ ᠶᠢ | ᠴᠡᠭᠡᠷᠯᠡᠬᠦ ᠡᠪᠡᠳᠴᠢᠨ ᠦᠭᠡᠢ ᠯᠡ ᠶᠤᠮ ᠪᠣᠯ ᠪᠠᠶᠢᠩᠭᠤ ᠶᠢᠨ ᠸᠠᠺᠼᠢᠨ ᠤ ᠲᠠᠷᠢᠯᠭ᠎ᠠ ᠬᠢᠯᠭᠡᠬᠦ ᠪᠤᠶᠤ ᠨᠥᠬᠦᠵᠦ ᠬᠢᠯᠭᠡᠵᠤ | ᠪᠣᠯᠣᠨ᠎ᠠ᠃ | ︱ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠤ ᠪᠠᠨ ᠪᠤᠴᠠᠬᠤ ︱ | ᠴᠠᠭᠠᠨ ᠰᠠᠷ᠎ᠠ ᠶᠢᠨ ᠠᠶᠠᠨᠴᠢᠨ ᠤ ᠲᠡᠭᠡᠭᠡᠪᠦᠷᠢ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠨᠡᠮᠡᠭᠳᠡᠨ᠎ᠡ᠂ | ᠲᠡᠭᠡᠪᠡᠯ ᠬᠥᠮᠥᠰ ᠨᠢᠰᠬᠡᠯ᠂ ᠭᠠᠯᠲᠤ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ | ᠶᠠᠭᠤ ᠶᠢ ᠠᠩᠬᠠᠷᠪᠠᠯ ᠵᠣᠬᠢᠬᠤ ᠪᠣᠶ︖ | ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ | ᠢᠯᠡᠷᠡᠯ ᠲᠠᠢ ᠬᠥᠮᠥᠰ ᠬᠠᠯᠳᠠᠪᠤᠷᠢᠯᠠᠯ ᠤᠨ ᠲᠦᠭᠰᠢᠭᠦᠷᠢ ᠠᠷᠢᠯᠠᠬᠤ ᠠᠴᠠ ᠡᠮᠦᠨ᠎ᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠵᠦ᠂ ᠬᠥᠮᠥᠨ ᠴᠤᠭᠯᠠᠷᠠᠭᠰᠠᠨ ᠭᠠᠵᠠᠷ ᠲᠤ ᠣᠴᠢᠬᠤ ᠦᠭᠡᠢ ᠪᠠᠶᠢᠬᠤ | ᠬᠡᠷᠡᠭᠲᠡᠢ᠃ ᠥᠪᠡᠷ ᠢᠶᠠᠨ ᠨᠡᠯᠢᠶᠡᠳ ᠶᠡᠭᠡ ᠬᠠᠯᠳᠠᠪᠤᠷᠢᠯᠠᠬᠤ ᠲᠦᠭᠰᠢᠭᠦᠷᠢ ᠲᠠᠢ ᠭᠡᠵᠦ ᠦᠵᠡᠭᠰᠡᠨ ᠬᠥᠮᠥᠰ ᠠᠶᠤᠯ | ᠲᠦᠭᠰᠢᠭᠦᠷᠢ ᠠᠷᠢᠯᠤᠭᠰᠠᠨ ᠤ ᠳᠠᠷᠠᠭ᠎ᠠ ᠰᠠᠶ᠋ᠢ ᠭᠠᠳᠠᠭᠰᠢ ᠭᠠᠷᠬᠤ ᠬᠡᠷᠡᠭᠲᠡᠢ᠃ | ᠨᠢᠭᠲᠠ ᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ ᠲᠤ᠂ ᠵᠢᠱᠢᠶᠡᠯᠡᠪᠡᠯ | ᠨᠢᠰᠬᠡᠯ ᠬᠦᠯᠢᠶᠡᠬᠦ ᠪᠠ ᠲᠡᠷᠭᠡ ᠬᠦᠯᠢᠶᠡᠬᠦ ᠦᠶ᠎ᠡ ᠳᠤ᠂ ᠨᠢᠰᠬᠡᠯ᠂ ᠭᠠᠯᠲᠤ ᠲᠡᠷᠭᠡ ᠵᠢᠴᠢ ᠮᠧᠲᠷᠣ᠋᠂ ᠨᠡᠶᠢᠲᠡ ᠶᠢᠨ ᠮᠠᠰᠢᠨ | ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠦᠬᠦ ᠶᠠᠪᠤᠴᠠ ᠳᠤ ᠠᠮᠠᠪᠴᠢ ᠪᠠᠨ ᠵᠥᠪ | ᠵᠣᠬᠢᠰᠲᠠᠢ ᠵᠡᠭᠦᠬᠦ ᠬᠡᠷᠡᠭᠲᠡᠢ᠃ | ᠣᠯᠠᠨ ᠨᠡᠶᠢᠲᠡ ᠶᠢᠨ ᠲᠠᠯᠠᠪᠤᠷ ᠲᠤ ᠵᠦᠢ ᠵᠣᠬᠢᠰᠲᠠᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠣᠶᠢᠷ᠎ᠠ | ᠵᠠᠢ ᠠᠴᠠ ᠪᠤᠰᠤᠳ ᠲᠠᠢ ᠬᠠᠷᠢᠯᠴᠠᠬᠤ ᠶᠢ ᠪᠠᠭᠠᠰᠬᠠᠬᠤ ᠬᠡᠷᠡᠭᠲᠡᠢ᠃ | ᠬᠤᠪᠢ ᠬᠥᠮᠥᠨ ᠤ ᠠᠷᠢᠭᠤᠨ ᠴᠡᠪᠡᠷ ᠢ ᠰᠠᠶᠢᠲᠤᠷ ᠠᠩᠬᠠᠷᠴᠤ᠂ ᠢᠯᠠᠩᠭᠤᠶ᠎ᠠ ᠭᠠᠷ ᠤᠨ ᠠᠷᠢᠭᠤᠨ ᠴᠡᠪᠡᠷ ᠢᠶᠠᠨ ᠴᠠᠭ | ᠢᠮᠠᠭᠲᠠ ᠠᠩᠬᠠᠷᠴᠤ᠂ ᠨᠡᠶᠢᠲᠡ ᠶᠢᠨ ᠡᠳ᠋ ᠪᠣᠳᠠᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃ ᠬᠠᠨᠢᠶᠠᠯᠭᠠᠬᠤ ᠪᠤᠶᠤ | ᠨᠠᠶᠢᠲᠠᠭᠠᠬᠤ ᠳᠤ ᠪᠠᠨ ᠴᠠᠭᠠᠰᠤ ᠪᠤᠶᠤ ᠲᠣᠬᠤᠢ ᠪᠠᠷ ᠢᠶᠠᠨ ᠬᠠᠯᠬᠠᠯᠠᠵᠤ᠂ ᠬᠡᠷᠡᠭᠯᠡᠵᠦ ᠥᠩᠭᠡᠷᠡᠭᠰᠡᠨ ᠴᠠᠭᠠᠰᠤ ᠪᠠᠨ ᠴᠠᠭ | ᠲᠤᠬᠠᠢ ᠳᠤ ᠨᠢ ᠬᠤᠭ ᠤᠨ ᠰᠠᠪᠠᠨ ᠳᠤ ᠬᠠᠶᠠᠨ᠎ᠠ᠃ ᠬᠡᠷᠪᠡ ᠠᠮᠢᠰᠬᠤᠯ ᠤᠨ ᠵᠠᠮ ᠤᠨ ᠰᠢᠭᠦᠷᠡᠳᠡᠰᠦ ᠲᠠᠢ ᠬᠦᠷᠦᠯᠴᠡᠪᠡᠯ᠂ | ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ ᠭᠠᠷ ᠢᠶᠠᠨ ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ ᠠᠯᠢ ᠴᠢᠳᠠᠬᠤ ᠪᠠᠷ ᠬᠤᠭᠤᠯᠠᠯᠠᠬᠤ ᠤᠳᠠᠭ᠎ᠠ ᠪᠠᠨ | ᠪᠠᠭᠠᠰᠬᠠᠵᠤ᠂ ᠠᠯᠢ ᠴᠢᠳᠠᠬᠤ ᠪᠠᠷ ᠣᠷᠭᠢᠯ ᠦᠶ᠎ᠡ ᠶᠢ ᠵᠥᠷᠢᠭᠦᠯᠦᠨ ᠬᠤᠭᠤᠯᠠᠯᠠᠬᠤ ᠬᠡᠷᠡᠭᠲᠡᠢ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠬᠢᠵᠢᠭ ᠤᠨ ᠪᠠᠶᠢᠳᠠᠯ ᠢᠯᠡᠷᠡᠬᠦ ᠠᠴᠠ | ᠡᠮᠦᠨᠡᠬᠢ ᠰᠢᠭ ᠴᠤᠭᠯᠠᠷᠠᠨ ᠨᠠᠶᠢᠷᠯᠠᠵᠤ ᠪᠣᠯᠣᠨ᠎ᠠ ᠦᠦ︖ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠶᠠᠭᠤ ᠶᠠᠭᠤ ᠶᠢ | ᠠᠩᠬᠠᠷᠪᠠᠯ ᠵᠣᠬᠢᠬᠤ ᠪᠣᠢ︖ | ᠨᠢᠭᠡ ᠳᠤ᠂ ᠣᠯᠠᠨ ᠲᠦᠮᠡᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠳᠤ | ᠬᠦᠷᠴᠦ ᠲᠥᠷᠥᠯ ᠰᠠᠲᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ ᠠᠴᠠ ᠵᠠᠶᠢᠯᠠᠰᠬᠢᠬᠦ ᠶᠢ ᠰᠠᠨᠠᠭᠠᠴᠢᠯᠠᠵᠤ᠂ | ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠤ ᠣᠯᠠᠨ ᠲᠦᠮᠡᠨ ᠨᠠᠭᠠᠰᠢ ᠴᠠᠭᠠᠰᠢ | ᠶᠠᠪᠤᠵᠤ ᠰᠠᠭᠤᠬᠤ ᠪᠠᠨ ᠪᠠᠭᠠᠰᠬᠠᠵᠤ᠂ ᠨᠠᠰᠤᠲᠠᠶᠢᠴᠤᠳ ᠵᠢᠴᠢ ᠬᠦᠨᠳᠦ ᠰᠠᠭᠤᠷᠢ ᠡᠪᠡᠳᠴᠢᠨ ᠲᠠᠢ ᠬᠥᠮᠥᠰ ᠠᠯᠢ | ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠪᠡᠯ ᠵᠣᠬᠢᠨ᠎ᠠ᠃ | ᠬᠤᠶᠠᠷ ᠲᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ | ᠡᠷᠬᠢᠯᠡᠬᠦ ᠦᠭᠡᠢ ᠪᠠᠶᠢᠵᠤ᠂ ᠲᠥᠷᠥᠯ ᠰᠠᠳᠤᠨ ᠨᠠᠶᠢᠵᠠ ᠨᠥᠬᠦᠳ ᠤᠨ ᠨᠠᠶᠢᠷ ᠴᠤᠭᠯᠠᠭᠠᠨ ᠤ ᠬᠡᠪᠴᠢᠶ᠎ᠡ᠂ ᠬᠥᠮᠥᠨ ᠤ | ᠲᠤᠭ᠎ᠠ ᠪᠠᠨ ᠪᠠᠭᠠᠰᠬᠠᠨ᠂ ᠨᠠᠶᠢᠷ ᠴᠤᠭᠯᠠᠭᠠᠨ ᠤ ᠴᠠᠭ ᠢᠶᠠᠨ ᠪᠣᠭᠤᠨᠢᠰᠬᠠᠵᠤ᠂ ᠥᠪᠡᠷ ᠤᠨ ᠢᠶᠠᠨ ᠰᠡᠷᠭᠡᠶᠢᠯᠡᠯᠲᠡ | ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃ | ᠭᠤᠷᠪᠠ ᠳᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠠᠯᠢ ᠴᠢᠳᠠᠬᠤ ᠪᠠᠷ ᠶᠡᠭᠡ ᠬᠡᠪᠴᠢᠶᠡᠨ ᠤ ᠰᠦᠮ᠎ᠡ ᠶᠢᠨ | ᠴᠤᠭᠯᠠᠭᠠᠨ᠂ ᠲᠣᠮᠣ ᠬᠡᠯᠪᠡᠷᠢ ᠶᠢᠨ ᠲᠠᠰᠤᠯᠭᠠᠨ ᠤ ᠤᠷᠠᠨ ᠰᠠᠶᠢᠬᠠᠨ ᠤ ᠲᠣᠭᠯᠠᠯᠲᠠ᠂ ᠦᠵᠡᠭᠦᠯᠭᠡ ᠵᠡᠷᠭᠡ ᠠᠵᠢᠯᠯᠠᠭ᠎ᠠ | ᠡᠷᠬᠢᠯᠡᠬᠦ ᠦᠭᠡᠢ ᠪᠠᠶᠢᠵᠤ᠂ ᠬᠥᠳᠡᠭᠡ ᠲᠣᠰᠬᠤᠨ ᠤ ᠵᠠᠬ᠎ᠠ ᠵᠡᠭᠡᠯᠢ ᠶᠢᠨ ᠠᠷᠠᠯᠵᠢᠶ᠎ᠠ ᠶᠢᠨ ᠬᠡᠪᠴᠢᠶ᠎ᠡ ᠪᠠ ᠳᠠᠪᠲᠠᠮᠵᠢ | ᠤᠳᠠᠭ᠎ᠠ ᠶᠢ ᠪᠠᠭᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ ᠨᠠᠰᠤᠲᠠᠶᠢᠴᠤᠳ ᠲᠤ ᠪᠠᠨ | ᠲᠠᠷᠬᠠᠭᠠᠬᠤ ᠠᠴᠠ ᠵᠠᠶᠢᠯᠠᠰᠬᠢᠨ᠎ᠡ | ᠬᠢᠵᠢᠭ ᠤᠨ ᠪᠠᠶᠢᠳᠠᠯ ᠳᠡᠯᠭᠡᠷᠡᠬᠦ ᠬᠤᠭᠤᠴᠠᠭᠠᠨ ᠳᠤ᠂ ᠡᠷᠡᠭᠦᠯ ᠰᠠᠷᠠᠭᠤᠯ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ | ᠪᠣᠯ ᠣᠯᠠᠨ ᠲᠦᠮᠡᠨ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ᠎ᠠ᠃ ᠪᠢᠳᠡ ᠳᠣᠣᠷᠠᠬᠢ ᠬᠡᠳᠦᠨ | ᠲᠠᠯ᠎ᠠ ᠪᠠᠷ ᠠᠩᠬᠠᠷᠤᠨ ᠴᠢᠩᠭᠠᠳᠬᠠᠬᠤ ᠬᠡᠷᠡᠭᠲᠡᠢ᠄ | ᠨᠢᠭᠡ ᠳᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠭᠠᠷ ᠢᠶᠠᠨ ᠪᠠᠶᠢᠩᠭᠤ | ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠶᠢ | ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠢ᠂ ᠬᠠᠨᠢᠶᠠᠬᠤ ᠶᠣᠰᠣ ᠳᠦᠷᠢᠮ᠂ ᠴᠡᠪᠡᠷᠯᠡᠨ ᠠᠷᠢᠭᠤᠳᠬᠠᠬᠤ ᠵᠡᠷᠭᠡ | ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠵᠤ᠂ ᠬᠢᠵᠢᠭ ᠲᠤ ᠬᠠᠯᠳᠠᠪᠤᠷᠢᠯᠠᠭᠳᠠᠭᠠᠳ ᠡᠷᠡᠭᠦᠯᠵᠢᠭᠰᠡᠨ ᠤ ᠳᠠᠷᠠᠭ᠎ᠠ ᠴᠤ | ᠭᠡᠰᠡᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠪᠡᠯ ᠵᠣᠬᠢᠨ᠎ᠠ᠃ | ᠬᠤᠶᠠᠷ ᠲᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ | ᠬᠡᠮᠵᠢᠶ᠎ᠡ ᠳᠤ ᠪᠠᠨ ᠲᠣᠬᠢᠷᠠᠭᠰᠠᠨ ᠬᠥᠳᠡᠯᠭᠡᠭᠡᠨ ᠬᠢᠬᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ ᠵᠡᠷᠭᠡ | ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠬᠤᠪᠢ ᠬᠥᠮᠥᠨ ᠤ ᠡᠪᠡᠳᠴᠢᠨ ᠢ ᠡᠰᠡᠷᠭᠦᠴᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ | ᠡᠷᠬᠢᠯᠡᠬᠦ ᠦᠭᠡᠢ᠂ ᠨᠠᠶᠢᠷ ᠴᠤᠭᠯᠠᠭᠠᠨ ᠳᠤ ᠣᠷᠤᠯᠴᠠᠬᠤ ᠦᠭᠡᠢ ᠪᠠᠶᠢᠵᠤ᠂ ᠭᠡᠷ ᠪᠦᠯᠢ ᠶᠢᠨ ᠲᠥᠷᠥᠯ ᠰᠠᠲᠤᠨ ᠤ ᠴᠤᠭᠯᠠᠷᠠᠨ | ᠨᠠᠶᠢᠷᠯᠠᠬᠤ ᠬᠥᠮᠥᠨ ᠤ ᠲᠤᠭ᠎ᠠ ᠶᠢ ᠪᠠᠭᠠᠰᠬᠠᠨ᠂ ᠨᠠᠶᠢᠷ ᠴᠤᠭᠯᠠᠭᠠᠨ ᠤ ᠴᠠᠭ ᠢ ᠪᠣᠭᠤᠨᠢᠰᠬᠠᠨ᠎ᠠ᠃ ᠪᠠᠰᠠ ᠸᠢᠳᠢᠤ᠋᠂ | ᠤᠲᠠᠰᠤ ᠪᠠᠷ ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯ ᠳᠡᠪᠰᠢᠭᠦᠯᠵᠦ᠂ ᠢᠯᠠᠩᠭᠤᠶ᠎ᠠ ᠬᠠᠯᠳᠠᠪᠤᠷᠢᠯᠠᠬᠤ ᠲᠦᠭᠰᠢᠭᠦᠷᠢ ᠶᠢ | ᠭᠡᠷ ᠤᠨ ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠬᠦ ᠬᠡᠷᠡᠭᠲᠡᠢ᠃ | ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠳ ᠪᠦᠬᠦ ᠶᠠᠪᠤᠴᠠ ᠶᠢᠨ ᠲᠠᠷᠢᠯᠭ᠎ᠠ ᠪᠠ | ᠴᠢᠩᠭᠠᠳᠬᠠᠬᠤ ᠲᠠᠷᠢᠯᠭ᠎ᠠ ᠶᠢ ᠠᠯᠢ ᠲᠦᠷᠭᠡᠨ ᠢᠶᠠᠷ ᠬᠢᠵᠦ᠂ ᠬᠤᠪᠢ ᠬᠥᠮᠥᠨ ᠪᠠ ᠭᠡᠷ ᠤᠨ ᠬᠥᠮᠥᠰ ᠤᠨ ᠢᠶᠠᠨ ᠡᠷᠡᠭᠦᠯ | ᠮᠡᠨᠳᠦ ᠶᠢ ᠬᠠᠮᠠᠭᠠᠯᠠᠬᠤ ᠬᠡᠷᠡᠭᠲᠡᠢ᠃ | ᠲᠠᠪᠤ ᠳᠤ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠᠨ ᠴᠢᠩᠭᠠᠳᠬᠠᠵᠤ᠂ ᠬᠤᠪᠢ ᠬᠥᠮᠥᠨ ᠪᠠ ᠭᠡᠷ ᠤᠨ | ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ ᠪᠠᠷ | ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠰᠢᠨᠵᠢ ᠢᠯᠡᠷᠡᠬᠦ᠂ ᠡᠰᠡᠬᠦᠯ᠎ᠡ ᠪᠥᠭᠡᠮ ᠬᠦᠴᠢᠯ ᠤᠨ | ᠠᠷᠭ᠎ᠠ ᠴᠢᠨᠠᠷ ᠢ ᠪᠠᠶᠢᠴᠠᠭᠠᠨ ᠭᠠᠷᠭᠠᠭᠰᠠᠨ ᠦᠶ᠎ᠡ ᠳᠤ᠂ ᠠᠯᠢ ᠴᠢᠳᠠᠬᠤ ᠪᠠᠷ ᠰᠠᠯᠬᠢ ᠨᠡᠪᠲᠡᠷᠡᠭᠰᠡᠨ᠂ ᠬᠠᠷᠢᠴᠠᠩᠭᠤᠢ | ᠲᠤᠰᠠᠭᠠᠷ ᠥᠷᠥᠭᠡ ᠳᠤ ᠰᠠᠭᠤᠵᠤ᠂ ᠬᠠᠮᠲᠤ ᠰᠠᠭᠤᠵᠤ ᠪᠠᠶᠢᠭ᠎ᠠ ᠬᠥᠮᠥᠰ ᠲᠠᠢ ᠪᠠᠨ ᠣᠶᠢᠷᠠᠳᠬᠤ ᠪᠠᠨ ᠴᠢᠳᠠᠬᠤ ᠶᠢᠨ | ᠬᠢᠷᠢ ᠪᠠᠷ ᠪᠠᠭᠠᠰᠬᠠᠨ᠂ ᠡᠪᠡᠳᠴᠢᠨ ᠤ ᠪᠠᠶᠢᠳᠠᠯ ᠢᠶᠠᠨ ᠨᠢᠭᠲᠠ ᠠᠩᠬᠠᠷᠴᠤ᠂ ᠬᠡᠷᠪᠡ ᠡᠪᠡᠳᠴᠢᠨ ᠤ ᠪᠠᠶᠢᠳᠠᠯ ᠨᠢ | ᠬᠦᠨᠳᠦᠷᠡᠪᠡᠯ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ |