365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2023 ᠣᠨ ᠤ ᠠᠩᠬᠠᠳᠤᠭᠠᠷ ᠤᠳᠠᠭᠠᠨ ᠤ ᠠᠵᠢᠯ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2023/1/16
          ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2023 ᠣᠨ ᠤ ᠠᠩᠬᠠᠳᠤᠭᠠᠷ ᠤᠳᠠᠭᠠᠨ ᠤ ᠠᠵᠢᠯ ᠬᠤᠷᠠᠯ ᠬᠤᠷᠠᠯᠳᠤᠭᠤᠯᠪᠠ                                   1 ᠰᠠᠷ᠎ᠠ ᠶᠢᠨ 6 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2023 ᠣᠨ ᠤ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠵᠦ᠂ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠥᠨ ᠨᠠᠶᠢᠳᠠᠪᠤᠷᠢᠵᠢᠭᠤᠯᠵᠤ᠂ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳ᠋ᠦᠩᠨᠡᠵᠦ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠲᠡᠳ᠋‌ᠬᠤᠰᠢᠭᠤ ᠲᠠᠷᠤᠭ᠎ᠠ‌ᠬᠠᠢ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤ‌ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠰᠢᠶᠠᠩ ᠲᠢᠶᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠭᠦᠸᠧ ᠳ᠋ᠦᠩ᠂ ᠦ᠋ ᡁᠢ ᠴᠢᠶᠠᠩ᠂ ᠵᠢᠶᠠ ᠶᠦᠩ ᠰᠢᠶᠠ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠤᠣᠯᠳᠠᠯᠭ᠎ᠠ ᠲᠠᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠠᠷᠢᠶᠠᠲᠤ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   ᠬᠤᠷᠠᠯ ᠠᠴᠠ᠂ ᠨᠢᠭᠡ ᠳ᠋ᠥ‌ᠦᠵᠡᠯ ᠰᠠᠨᠠᠭ᠎ᠠ ᠪᠠᠨ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠪᠠ ᠴᠢᠬᠤᠯᠠ ᠵᠠᠩᠭᠢᠯᠠᠭ᠎ᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠬᠤ ᠬᠡᠷᠡᠭᠲᠡᠢ᠃ᠬᠤᠶᠠᠷ ᠳᠤ᠂︽ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠠᠩᠭᠢᠯᠠᠭ᠎ᠠ᠂ ᠡᠯ᠎ᠡ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠰᠠᠶᠢᠲᠤᠷ ᠰᠠᠬᠢᠬᠤ ᠬᠡᠷᠡᠭᠲᠡᠢ᠃ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ᠪᠠᠶᠠᠨᠬᠤᠸᠠ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠬᠤᠰᠢᠭᠤ‌‍ᠰᠢᠭᠤᠳ ᠬᠠᠷᠢᠶ᠎ᠠ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ︽ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠨ ᠵᠢᠱᠢᠭᠰᠡᠨ ᠮᠡᠳᠡᠭᠦᠯᠦᠯᠲᠡ︾᠂︽ᠪᠠᠷᠠᠭᠤᠨ ᠦᠵᠦᠮᠦᠴᠢᠨ ᠬᠤᠰᠢᠭᠤᠨ ᠤ ᠭᠠᠯ ᠰᠡᠷᠭᠡᠶᠢᠯᠡᠬᠦ ᠵᠥᠪᠯᠡᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠲᠤᠬᠠᠢ ᠵᠠᠷᠯᠠᠯ︾ᠵᠡᠷᠭᠡ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳ᠋ᠦᠩᠨᠡᠬᠦ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ 2023 ᠣᠨ ᠤ ᠠᠵᠢᠯ ᠤᠨ ᠰᠠᠨᠠᠭᠤᠯᠭ᠎ᠠ ᠶᠢ ᠳᠤᠷᠠᠳᠴᠠᠢ᠃    ᠬᠤᠷᠠᠯ ᠳᠡᠭᠡᠷ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 2022 ᠣᠨ ᠤ ᠥᠪᠥᠷ ᠮᠣᠩᠭᠤᠯ ᠤᠨ ᠪᠠᠶᠠᠨᠬᠤᠸᠠ ᠬᠠᠢ ᠵᠧᠦ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠶᠢᠨ ᠣᠷᠭᠢᠯ ᠳᠤ ᠭᠠᠷᠤᠭᠰᠠᠨ ᠠᠳᠡᠯ ᠤᠨ ᠲᠣᠭᠤᠷᠢᠨ ᠳᠤ ᠪᠠᠶᠢᠴᠠᠭᠠᠯᠲᠠ ᠬᠢᠪᠡ︔ᠢᠦᠢ ᠯᠦᠩ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠡᠶᠢᠲᠡᠯᠢᠭ ᠲᠤᠷᠰᠢᠯᠭ᠎ᠠ ᠬᠢᠳᠡᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠡᠢ᠃ᠬᠤᠷᠠᠯ ᠳᠤ ᠣᠷᠣᠯᠴᠠᠭᠰᠠᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ ᠥᠪᠡᠷ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠲᠠᠢ ᠪᠠᠨ ᠤᠶᠠᠯᠳᠤᠭᠤᠯᠤᠨ ᠪᠠᠶᠢᠷᠢᠯᠠᠭᠤᠯᠥᠯᠲᠠ ᠬᠢᠵᠡᠢ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号