ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤᠮᠳᠠᠳᠤ ᠤᠯᠤᠰ ᠤᠨ | ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ | | 1 ᠰᠠᠷ᠎ᠠ ᠶᠢᠨ 10 ᠤ ᠡᠳᠦᠷ ᠤᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ | ᠭᠤᠷᠪᠠᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ᠃ | ᠠᠵᠢᠯᠯᠠᠭ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ | ᠬᠥᠬᠡᠬᠤᠲᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠯ ᠳᠤ ᠲᠤᠰᠠᠯᠠᠭᠰᠠᠨ ᠴᠠᠭᠳᠠᠭ᠎ᠠ ᠶᠢ ᠤᠭᠳᠤᠭᠰᠠᠨ ᠤ | ᠬᠠᠮᠲᠤ ᠳᠣᠲᠣᠭᠠᠳᠤ ᠶᠢ ᠬᠠᠮᠠᠭᠠᠯᠠᠬᠤ ᠠᠵᠢᠯ ᠳᠤᠮᠳᠠ ᠰᠤᠷᠤᠯᠴᠠᠯᠭ᠎ᠠ ᠶᠢ ᠡᠷᠬᠢᠮᠯᠡᠨ ᠰᠤᠷᠤᠯᠴᠠᠯᠭ᠎ᠠ ᠪᠠᠷ | ᠥᠪᠡᠷ ᠢ ᠪᠠᠨ ᠲᠡᠭᠡᠭᠰᠢᠯᠡᠭᠦᠯᠦᠭᠰᠡᠨ ᠰᠠᠶᠢᠨ ᠴᠬᠠᠠᠳᠠᠭᠠ ᠪᠤᠯᠬᠤ ︽ᠰᠤᠷᠤᠯᠴᠠᠯᠭ᠎ᠠ ᠶᠢᠨ ᠳᠠᠭᠤᠷᠢᠶᠠᠯ︾ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ | ᠠᠵᠢᠯ ᠳᠤᠮᠳᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠣᠷᠢᠭᠲᠠᠢ ᠪᠠᠷ ᠲᠡᠮᠡᠴᠡᠵᠦ᠂ ᠠᠵᠢᠯ ᠡᠭᠦᠷᠭᠡ ᠪᠠᠨ | ᠠᠮᠵᠢᠯᠲᠠ ᠲᠠᠢ ᠪᠡᠶᠡᠯᠡᠭᠦᠯᠦᠭᠰᠡᠨ 2022 ᠣᠨ ᠤ ︽ᠬᠠᠮᠤᠭ ᠤᠨ ᠭᠤᠶᠣ ᠴᠬᠠᠳᠠᠭᠠᠨ ᠣᠳᠣᠨ︾ ᠢ ᠬᠥᠬᠢᠭᠦᠯᠦᠨ | ᠰᠠᠶᠢᠰᠢᠶᠠᠪᠠ᠃ ᠠᠵᠢᠯᠯᠠᠭ᠎ᠠ ᠳᠤ ᠪᠠᠰᠠ ᠰᠢᠨ᠎ᠡ ᠪᠠᠷ ᠤᠷᠤᠭᠰᠠᠨ ᠠᠷᠠᠳ ᠤᠨ ᠴᠠᠭᠳᠠᠭ᠎ᠠ ᠶᠢᠨ ᠲᠠᠩᠭᠠᠷᠢᠭᠯᠠᠬᠤ | ᠶᠣᠰᠣᠯᠠᠯ ᠶᠠᠪᠤᠭᠤᠯᠵᠤ᠂ ᠰᠢᠨ᠎ᠡ ᠴᠠᠭᠳᠠᠭ᠎ᠠ ᠨᠠᠷ ᠦᠨᠳᠦᠰᠦᠨ ᠬᠠᠤᠯᠢ ᠳᠤ ᠲᠠᠩᠭᠠᠷᠢᠠᠠᠯᠠᠵᠦ᠂ ᠡᠭᠦᠷᠭᠡ | ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠨ | ᠪᠠᠷᠠᠭᠤᠨ ᠦᠵᠦᠮᠦᠴᠢᠨ ᠤ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠪᠠᠨ | ᠦᠵᠡᠭᠦᠯᠬᠦ ᠪᠠᠨ ᠢᠯᠡᠳᠬᠡᠪᠡ᠃ | ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭ᠎ᠠ ᠮᠠ ᠰᠢᠶᠣᠣ | ᠶᠠᠩ᠄ ︽ᠪᠢ ᠨᠠᠮ ᠠᠷᠠᠳ ᠲᠦᠮᠡᠨ ᠳᠡᠭᠡᠨ ᠦᠨᠡᠨᠴᠢ ᠪᠠᠷ ᠵᠢᠳᠬᠦᠵᠦ ᠠᠷᠠᠳ ᠤᠨ ᠴᠬᠠᠳᠠᠭ᠎ᠠ ᠶᠢᠨ ᠠᠵᠢᠯ | ᠦᠢᠯᠡᠰ ᠢᠶᠠᠨ ᠰᠠᠶᠢᠳᠤᠷ ᠪᠡᠶᠡᠯᠡᠭᠦᠯᠦᠨ᠎ᠡ︾ ᠭᠡᠯᠡ᠃ | ᠥᠩᠭᠡᠷᠡᠭᠰᠡᠨ ᠨᠢᠭᠡ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠪᠥᠬᠦ ᠺᠠᠳ᠋ᠷ ᠴᠠᠭᠳᠠᠭ᠎ᠠ ᠨᠠᠷ ᠡᠷᠡᠯᠬᠡᠭᠯᠡᠨ ᠤᠷᠤᠭᠰᠢᠯᠠᠵᠤ᠂ | ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠨ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠲᠣᠭᠲᠠᠭᠤᠨ | ᠬᠥᠭᠵᠢᠯᠲᠡ ᠳᠤ ᠬᠦᠴᠦᠨ ᠵᠢᠳᠬᠦᠯ ᠢᠶᠠᠨ ᠦᠵᠡᠭᠦᠯᠦᠭᠰᠡᠨ ᠪᠠᠶᠢᠨ᠎ᠠ᠃ | | | | | | | | | | |