365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2023/1/16
        ᠪᠠᠷᠠᠭᠤᠨ ᠦᠵᠦᠮᠦᠴᠢᠨ ᠬᠤᠰᠢᠭᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ                                    ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃   ᠬᠤᠷᠠᠯ ᠠᠴᠠ ᠵᠢᠭᠠᠭᠰᠠᠨ ᠨᠢ᠂ 12345 ᠦᠢᠯᠡᠴᠢᠯᠡᠬᠦ ᠤᠲᠠᠰᠤ ᠪᠣᠯ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ᠂ ᠰᠢᠭᠦᠮᠵᠢᠯᠡᠯ ᠰᠠᠨᠠᠭᠤᠯᠭ᠎ᠠ ᠶᠢ ᠰᠣᠨᠣᠰᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠬᠦ ᠴᠢᠬᠤᠯᠠ ᠦᠢᠯᠡᠴᠢᠯᠡᠭᠡ ᠪᠣᠯᠣᠨ᠎ᠠ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠬᠢᠵᠢᠭᠦᠯᠬᠦ ᠶᠢᠨ ᠴᠢᠬᠤᠯᠠ ᠢᠯᠡᠷᠡᠯ ᠪᠣᠯᠣᠨ᠎ᠠ᠃ 12345 ᠦᠢᠯᠡᠴᠢᠯᠡᠬᠦ ᠤᠲᠠᠰᠤᠨ ᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠨᠢ ᠶᠡᠭᠡ ᠬᠡᠮᠵᠢᠶᠡᠨ ᠤ ᠠᠵᠢᠯ ᠢ ᠬᠢᠵᠦ᠂ ᠵᠣᠬᠢᠬᠤ ᠦᠷ᠎ᠡ ᠪᠦᠲᠦᠮᠵᠢ ᠣᠯᠣᠭᠰᠠᠨ ᠪᠠᠶᠢᠨ᠎ᠠ᠂ ᠭᠡᠪᠡᠴᠦ ᠪᠥᠬᠦ ᠠᠶᠢᠮᠠᠭ ᠤᠨ ᠪᠠᠶᠢᠳᠠᠯ ᠤᠨ ᠲᠤᠬᠠᠢ ᠨᠡᠶᠢᠲᠡᠯᠡᠯ ᠠᠴᠠ ᠦᠵᠡᠪᠡᠯ᠂ ᠦᠵᠡᠯ ᠲᠠᠨᠢᠯᠲᠠ᠂ ᠠᠵᠢᠯᠯᠠᠬᠤ ᠠᠷᠭ᠎ᠠ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠴᠢᠨᠠᠭᠰᠢᠳᠠ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠭᠡᠵᠡᠢ᠃   ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ  ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠣᠷᠢᠯᠲᠠ ᠶᠢᠨ ᠤᠬᠠᠮᠰᠠᠷ ᠢᠶᠠᠨ ᠪᠠᠲᠤᠳᠬᠠᠨ᠂ ᠠᠷᠠᠳ ᠲᠦᠮᠡᠨ ᠳᠤ ᠦᠢᠯᠡᠴᠢᠯᠡᠬᠦ ᠶᠢ 12345 ᠦᠢᠯᠡᠴᠢᠯᠡᠬᠦ ᠤᠲᠠᠰᠤᠨ ᠤ ᠠᠵᠢᠯ ᠤᠨ ᠦᠨᠳᠦᠰᠦᠨ ᠵᠣᠷᠢᠯᠲᠠ ᠪᠣᠯᠭᠠᠨ᠂ ᠦᠢᠯᠡᠴᠢᠯᠡᠬᠦ ᠤᠲᠠᠰᠤ ᠪᠠᠷ ᠭᠥᠯᠢᠶᠡᠨ ᠠᠪᠴᠤ ᠰᠢᠢᠳᠪᠦᠷᠢᠯᠡᠬᠦ ᠪᠠᠷ ᠳᠠᠮᠵᠢᠭᠤᠯᠵᠤ᠂ ᠤᠯᠠᠨ ᠲᠦᠮᠡᠨ ᠤ ︽ᠲᠤᠯᠭᠠᠮ᠎ᠠ ᠬᠦᠴᠢᠷ ᠵᠣᠪᠠᠭᠤᠷᠢ ᠲᠠᠢ ︾ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ᠃ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠡᠷᠬᠡᠪᠰᠢ ᠳᠠᠬᠢᠨ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠢ᠂ ᠡᠯ᠎ᠡ ᠳᠠᠭᠠᠭᠠᠴᠢᠯᠠᠨ ᠭᠦᠢᠴᠡᠳᠬᠡᠬᠦ ᠨᠢᠭᠡᠴᠡ ᠨᠢ ᠲᠤᠰᠬᠠᠢ ᠠᠵᠢᠯᠲᠠᠨ ᠲᠣᠬᠢᠷᠠᠭᠤᠯᠵᠤ ᠳᠦᠷᠢᠮ ᠲᠣᠭᠲᠠᠭᠠᠯ ᠶᠣᠰᠣᠭᠠᠷ 12345 ᠦᠢᠯᠡᠴᠢᠯᠡᠬᠦ ᠤᠲᠠᠰᠤᠨ ᠤ ᠡᠳᠦᠷ ᠲᠤᠲᠤᠮ ᠤᠨ ᠠᠵᠢᠯ ᠢ ᠬᠠᠮᠢᠶᠠᠷᠠᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠳᠠᠭᠠᠭᠠᠨ ᠭᠦᠢᠴᠡᠳᠬᠡᠬᠦ ᠠᠵᠢᠯ ᠤᠨ ᠨᠢᠭᠡᠴᠡ ᠨᠢ  ᠳᠠᠷᠤᠶᠢᠬᠠᠨ ᠣᠯᠠᠨ ᠲᠦᠮᠡᠨ ᠲᠠᠢ ᠬᠠᠷᠢᠯᠴᠠᠵᠤ ᠪᠠᠶᠢᠳᠠᠯ ᠢ ᠬᠠᠷᠭᠤᠭᠤᠯᠤᠨ ᠣᠶᠢᠯᠠᠭᠠᠵᠤ᠂ ᠲᠣᠭᠲᠠᠭᠰᠠᠨ ᠬᠤᠭᠤᠴᠠᠭᠠᠨ ᠳᠤ ᠪᠠᠨ ᠬᠠᠷᠢᠭᠤ ᠲᠤᠰᠬᠠᠬᠤ ᠠᠰᠠᠭᠤᠳᠠᠯ ᠢ ᠰᠢᠢᠳᠪᠦᠷᠢᠯᠡᠬᠦ ᠶᠢ  ᠪᠡᠶᠡᠯᠡᠭᠦᠯᠵᠦ᠂ ᠵᠦᠢ ᠵᠣᠬᠢᠰ ᠦᠭᠡᠢ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠶᠢᠬᠤ ᠦᠭᠡᠢ ᠭᠤᠮᠣᠳᠠᠯ ᠱᠠᠭᠠᠷᠳᠠᠯᠭ᠎ᠠ ᠪᠠᠶᠢᠪᠠᠯ ᠰᠠᠶᠢᠲᠤᠷ ᠲᠠᠶᠢᠯᠪᠤᠷᠢᠯᠠᠵᠤ ᠵᠣᠬᠢᠴᠠᠭᠤᠯᠤᠨ ᠵᠢᠯᠤᠭᠤᠳᠬᠤ ᠬᠡᠷᠡᠭᠲᠡᠢ︔ 12345 ᠦᠢᠯᠡᠴᠢᠯᠡᠬᠦ ᠤᠲᠠᠰᠤᠨ ᠤ ᠲᠠᠪᠴᠠᠩ ᠤᠨ ᠮᠡᠳᠡᠯᠭᠡ ᠶᠢᠨ ᠬᠥᠮᠥᠷᠭᠡ ᠶᠢᠨ ᠴᠤᠭᠯᠠᠭᠤᠯᠬᠤ᠂ ᠳᠡᠭᠡᠭᠰᠢ ᠳᠠᠮᠵᠢᠭᠤᠯᠬᠤ᠂ ᠰᠢᠨᠡᠳᠬᠡᠬᠦ ᠪᠠ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠷᠠᠳ ᠣᠯᠠᠨ ᠤ ᠰᠠᠨᠠᠭᠠᠰᠢᠷᠠᠵᠤ ᠪᠠᠶᠢᠭ᠎ᠠ᠂ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠴᠠᠭ ᠲᠤᠬᠠᠢ ᠳᠤᠨᠢ ᠡᠮᠬᠢᠯᠡᠬᠦ ᠬᠡᠷᠡᠭᠲᠡᠢ᠃ ᠭᠤᠷᠪᠠ ᠳᠤ᠂ ᠭᠤᠣᠯ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯᠲᠠᠨ ᠤ ᠰᠢᠭᠤᠳ ᠬᠠᠷᠢᠭᠤᠴᠠᠯᠭ᠎ᠠ ᠪᠣᠯᠣᠨ ᠤᠳᠤᠷᠢᠳᠬᠤ ᠳᠤᠭᠤᠶᠢᠯᠠᠩ ᠤᠨ ᠠᠯᠪᠠᠨ ᠭᠡᠷ  ᠤᠨ ᠱᠠᠯᠠᠪᠳᠠᠭᠤᠯᠤᠨ ᠭᠦᠢᠴᠡᠳᠬᠡᠬᠦ ᠠᠵᠢᠯ ᠢ ᠴᠢᠩᠭᠠᠳᠬᠠᠨ ᠨᠠᠶᠢᠳᠠᠪᠤᠷᠢᠵᠢᠭᠤᠯᠵᠤ᠂ ᠡᠷᠬᠡᠪᠰᠢ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠳᠡᠭᠡᠷ᠎ᠡ ᠱᠠᠲᠤᠨ ᠠᠴᠠ ᠳᠣᠣᠷ᠎ᠠ ᠱᠠᠲᠤ ᠬᠦᠷᠲᠡᠯ᠎ᠡ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠢᠳᠡᠪᠬᠢᠲᠡᠢ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠠᠯ᠎ᠠ ᠪᠠᠷ᠂ ᠨᠢᠭᠡ ᠳᠤ᠂ ᠶᠡᠷᠦᠩᠬᠡᠶᠢᠯᠡᠭᠰᠡᠨ ᠴᠣᠩᠬᠤᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠲᠤᠳᠬᠠᠨ ᠥᠷᠭᠡᠳᠬᠡᠵᠦ᠂ ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠤᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ ︽ᠲᠤᠯᠤᠭᠠᠨ ᠵᠦᠢᠯ ᠪᠠᠶᠢᠬᠤ︾ ᠪᠠᠷᠢᠮᠵᠢᠶ᠎ᠠ ᠲᠠᠢ ᠬᠠᠷᠢᠴᠠᠭᠤᠯᠤᠨ᠂ ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭᠠᠨ ᠤ ︵ᠨᠡᠶᠢᠭᠡᠮ ᠲᠣᠭᠤᠷᠢᠭ  ᠤᠨ︶ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ︽ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾ ᠶᠢ ᠨᠠᠷᠢᠯᠢᠭ  ᠣᠨᠣᠪᠴᠢᠲᠠᠢ ᠲᠦᠯᠬᠢᠨ ᠠᠬᠢᠭᠤᠯᠵᠤ᠂ ᠠᠷᠠᠳ ᠢᠷᠭᠡᠳ ᠤᠨ ᠤᠷᠤᠭᠯᠠᠬᠤ ᠬᠡᠦᠬᠡᠳ ᠠᠪᠬᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ ᠵᠡᠷᠭᠡ ︽ᠨᠢᠭᠡ ᠤᠴᠢᠷ ᠢ ᠨᠢᠭᠡ ᠤᠳᠠᠭ᠎ᠠ  ᠳᠤ ᠰᠢᠢᠳᠪᠦᠷᠢᠯᠡᠬᠦ︾ 16 ᠶᠠᠪᠤᠳᠠᠯ ᠤᠨ ᠲᠣᠭᠤᠷᠢᠨ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠳᠥᠷᠪᠡ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ  ᠤᠨ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠪᠠ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠬᠤ ᠬᠡᠷᠡᠭᠲᠡᠢ᠃ ᠲᠤᠰᠬᠠᠢ ᠠᠵᠢᠯᠲᠠᠨ ᠲᠣᠬᠢᠷᠠᠭᠤᠯᠵᠤ ᠲᠣᠰ ᠨᠢᠭᠡᠴᠡ ᠶᠢᠨ ᠢᠶᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡᠯᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠶᠢ ᠪᠠᠲᠤᠯᠬᠠᠤ ᠬᠡᠷᠡᠭᠲᠡᠢ ᠭᠡᠵᠠᠢ᠃    ᠬᠤᠷᠠᠯ ᠳᠤ᠂ ︽︿12345﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠤᠲᠠᠰᠤᠨ ᠤ ᠬᠠᠮᠢᠶ᠎ᠠ ᠪᠦᠬᠦᠢ ᠶᠠᠪᠤᠳᠠᠯ ᠤᠨ ᠰᠤᠳᠤᠯᠭᠠᠨ︾ ︽ᠪᠦᠬᠦ ᠣᠷᠣᠨ ᠤ 12345 ᠦᠢᠯᠡᠴᠢᠡᠬᠦ ᠤᠲᠠᠰᠤᠨ ᠤ ᠠᠵᠢᠯ ᠤᠨ ᠪᠣᠯᠵᠣᠨ ᠶᠠᠷᠢᠯᠴᠠᠬᠤ ᠬᠤᠷᠠᠯ ᠤᠨ ᠪᠠᠶᠢᠳᠠᠯ ᠤᠨ ᠲᠤᠬᠠᠢ ᠨᠡᠶᠢᠲᠡᠯᠡᠯ︾ ︽ᠰᠢᠯᠢ ᠶᠢᠨ ᠭᠤᠣᠯ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠤᠲᠠᠰᠤᠨ ᠤ ᠪᠣᠯᠵᠣᠨ ᠶᠠᠷᠢᠯᠴᠠᠬᠤ ᠳᠦᠷᠢᠮ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︽ᠠᠶᠢᠮᠠᠭ ᠤᠨ ᠳᠠᠷᠤᠭ᠎ᠠ ᠶᠢᠨ ᠱᠠᠯᠠᠪᠳᠠᠭᠤᠯᠤᠨ ᠰᠢᠢᠳᠪᠦᠷᠢᠯᠡᠭᠦᠯᠬᠦ ᠵᠦᠢᠯᠡᠰ ᠤᠨ ᠮᠡᠳᠡᠭᠳᠡᠯ ᠤᠨ ᠬᠠᠭᠤᠳᠠᠰᠤ︾ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ︽ᠪᠠᠷᠠᠭᠤᠨ ᠦᠵᠦᠮᠦᠴᠢᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠲᠣᠭᠲᠠᠮᠠᠯ ᠬᠤᠷᠠᠯ ᠤᠨ ᠳᠦᠷᠢᠮ︾ ︽ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ︾ ᠢ ᠵᠠᠷᠯᠠᠨ ᠮᠡᠳᠡᠭᠳᠡᠪᠡ᠃    ᠪᠠᠶᠠᠩᠬᠤᠸᠠ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ 43 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号