ᠪᠠᠷᠠᠭᠤᠨ ᠦᠵᠦᠮᠦᠴᠢᠨ ᠬᠤᠰᠢᠭᠤ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ | | ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠷᠡᠭᠴᠡᠭᠡ ᠪᠠ ᠴᠢᠰᠤᠨ ᠤ ᠠᠮᠤᠷ ᠲᠦᠪᠰᠢᠨ ᠢ ᠪᠠᠲᠤᠯᠠᠵᠤ᠂ ᠠᠷᠠᠳ | ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ | ᠲᠣᠰᠠᠲᠠ 1 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ | ᠠᠵᠢᠯᠴᠢᠨ ᠤ ᠶᠡᠷᠦᠩᠬᠡᠢ ᠡᠪᠯᠡᠯ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠰᠢᠯᠢ ᠶᠢᠨ ᠭᠤᠣᠯ ᠠᠶᠢᠮᠠᠭ ᠤᠨ ᠲᠦᠪ ᠴᠢᠰᠤᠨ ᠤ ᠥᠷᠲᠡᠭᠡ ᠬᠠᠮᠲᠤᠷᠠᠨ ᠦᠨ᠎ᠡ ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠨᠢᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠥᠪᠥᠷ ᠮᠣᠩᠭᠤᠯ ᠤᠨ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ | ᠠᠭᠤᠷᠬᠠᠢ ︵ᠪᠠᠶᠠᠨᠬᠤᠸᠠ ᠬᠤᠶᠠᠳᠤᠭᠠᠷ ᠨᠣᠮᠧᠷᠲᠤ ᠠᠭᠤᠷᠬᠠᠢ︶ ᠳᠤ ᠭᠦᠨᠵᠡᠭᠡᠶᠢᠷᠡᠵᠦ᠂ ᠥᠷᠭᠡᠨ ᠣᠯᠠᠨ ᠠᠵᠢᠯᠲᠠᠨ | ᠠᠴᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠴᠢᠰᠤ | ᠬᠠᠨᠳᠢᠪᠯᠡᠬᠤ ᠶᠠᠪᠤᠴᠠ ᠶᠢ ᠴᠢᠩᠭ᠎ᠠ ᠵᠢᠷᠤᠮᠯᠠᠨ ᠢᠳᠡᠪᠬᠢᠲᠡᠢ ᠪᠠᠷ ᠴᠢᠰᠤ ᠬᠠᠨᠳᠢᠪᠯᠡᠬᠤ ᠳᠠᠩᠰᠠᠯᠠᠯᠲᠠ ᠬᠢᠵᠦ᠂ | ᠴᠢᠰᠤᠨ ᠳᠠᠷᠤᠯᠲᠠ ᠶᠢ ᠬᠡᠮᠵᠢᠨ᠂ ᠴᠢᠰᠤ ᠠᠪᠬᠤ ᠬᠢᠮᠢ ᠶᠢᠨ ᠪᠠᠶᠢᠴᠠᠭᠠᠯᠲᠠ ᠬᠢᠵᠦ᠂ ᠴᠢᠰᠤ ᠶᠢ ᠲᠣᠳᠣᠯᠠᠵᠤ᠂ ᠬᠢᠷᠢ | ᠲᠡᠩᠴᠡᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ ᠴᠢᠰᠤ ᠬᠠᠨᠳᠢᠪᠯᠡᠵᠤ᠂ ᠨᠡᠶᠢᠭᠡᠮ ᠨᠡᠶᠢᠲᠡ ᠳᠤ ᠥᠪᠡᠷ ᠤᠨ ᠬᠠᠶᠢᠷ᠎ᠠ | ᠬᠠᠯᠠᠮᠵᠢ ᠪᠠᠨ ᠬᠠᠨᠳᠢᠪᠯᠡᠪᠠ᠃ | ᠲᠣᠰ ᠤᠳᠠᠭᠠᠨ ᠤ ᠴᠢᠰᠤ ᠬᠠᠨᠳᠢᠪᠯᠠᠬᠤ ᠠᠵᠢᠯᠯᠠᠭ᠎ᠠ ᠳᠤ ᠨᠡᠶᠢᠲᠡ 64 ᠠᠵᠢᠯᠲᠠᠨ ᠣᠷᠣᠯᠴᠠᠵᠤ᠂ ᠴᠢᠰᠤ | ᠥᠭᠭᠦᠭᠰᠡᠨ ᠬᠡᠮᠵᠢᠶ᠎ᠡ ᠨᠢ 12300 ᠮᠢᠯᠢᠯᠢᠲᠷ ᠬᠦᠷᠴᠡᠢ᠃ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ | ᠥᠪᠥᠷ ᠮᠣᠩᠭᠤᠯ ᠤᠨ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ | ᠵᠠᠳᠠᠭᠠᠢ ᠠᠭᠤᠷᠬᠠᠢ ᠶᠢᠨ ᠠᠵᠢᠯᠲᠠᠨ ᠵᠠᠩ ᠬᠠᠩ᠄ ︽ᠡᠨᠡ ᠤᠳᠠᠭᠠᠨ ᠤ ᠴᠢᠰᠤ ᠥᠭᠬᠦ ᠠᠵᠢᠯᠯᠠᠭ᠎ᠠ ᠳᠤ | ᠣᠷᠤᠯᠴᠠᠬᠤ ᠪᠣᠯᠤᠭᠰᠠᠨ ᠳ᠋ᠠᠭᠠᠨᠲ᠋ᠤᠩ ᠪᠠᠶᠠᠷ ᠲᠠᠢ ᠪᠠᠶᠢᠨ᠎ᠠ᠂ ᠮᠢᠨᠤ ᠦᠵᠡᠬᠦ ᠪᠠᠷ ᠡᠨᠡ ᠪᠣᠯ ᠮᠠᠰᠢ ᠤᠳᠬ᠎ᠠ | ᠠᠭᠤᠯᠭ᠎ᠠ ᠲᠠᠢ ᠶᠠᠪᠤᠳᠠᠯ ᠮᠥᠨ᠂ ᠥᠪᠡᠷ ᠤᠨ ᠪᠡᠶ᠎ᠡ ᠳᠡᠭᠡᠨ ᠠᠰᠢᠭᠲᠠᠢ ᠪᠠᠷ ᠪᠠᠷᠠᠬᠤ ᠦᠭᠡᠢ᠂ ᠪᠤᠰᠤᠳ ᠢ ᠴᠤ | ᠬᠠᠪᠰᠤᠷᠤᠨ᠎ᠠ᠃ ᠪᠤᠰᠤᠳ ᠤᠨ ᠠᠮᠢ ᠨᠠᠰᠤ ᠡᠷᠡᠭᠦᠯ ᠮᠡᠨᠳᠦ ᠶᠢ ᠠᠪᠤᠷᠠᠬᠤ ᠶᠢ ᠪᠣᠳᠣᠭᠠᠳ ᠪᠢ ᠴᠢᠰᠣ | ᠬᠠᠨᠳᠢᠪᠯᠠᠭᠰᠠᠨ ᠳᠤ ᠪᠠᠨ ᠲᠤᠶᠢᠯ ᠤᠨ ᠠᠵᠠ ᠵᠠᠪᠰᠢᠶᠠᠨ ᠲᠠᠢ ᠭᠡᠵᠦ ᠪᠤᠳᠤᠵᠣ ᠪᠠᠶᠢᠨ᠎ᠠ︾ ᠭᠡᠯᠡ᠃ |