365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤ 2022 ᠣᠨ  ᠤ ᠰᠢᠨ᠎ᠡ ᠪᠠᠷ ᠠᠵᠢᠯ ᠳᠤ ᠣᠷᠣᠭᠰᠠᠨ ᠰᠣᠩᠭᠤᠨ ᠲᠤᠬᠢᠷᠠᠭᠤᠯᠬᠤ ᠰᠣᠷᠤᠭᠴᠢ ᠵᠢᠴᠢ ᠭᠠᠴᠠᠭᠠᠨ ᠳᠤ ᠲᠤᠰᠢᠶᠠᠯ ᠡᠭᠦᠷᠬᠡᠯᠠᠵᠦ ᠪᠠᠶᠢᠭ᠎ᠠ ᠰᠣᠩᠭᠤᠨ ᠲᠤᠬᠢᠷᠠᠭᠤᠯᠬᠤ ᠰᠣᠷᠤᠭᠴᠢ  ᠶᠢᠨ ᠶᠠᠷᠢᠯᠴᠠᠬᠤ ᠬᠤᠷᠠᠯ ᠬᠤᠷᠠ᠊
        ᠨᠡᠶᠢᠲᠡᠯᠡᠭᠰᠡᠨ ᠴᠠᠭ᠄
        2023/1/16
        ᠪᠠᠷᠠᠭᠤᠨ ᠦᠵᠦᠮᠦᠴᠢᠨ ᠬᠤᠰᠢᠭᠤ 2022 ᠣᠨ  ᠤ ᠰᠢᠨ᠎ᠡ ᠪᠠᠷ ᠠᠵᠢᠯ ᠳᠤ ᠣᠷᠣᠭᠰᠠᠨ ᠰᠣᠩᠭᠤᠨ ᠲᠤᠬᠢᠷᠠᠭᠤᠯᠬᠤ ᠰᠣᠷᠤᠭᠴᠢ ᠵᠢᠴᠢ ᠭᠠᠴᠠᠭᠠᠨ ᠳᠤ ᠲᠤᠰᠢᠶᠠᠯ ᠡᠭᠦᠷᠬᠡᠯᠠᠵᠦ ᠪᠠᠶᠢᠭ᠎ᠠ ᠰᠣᠩᠭᠤᠨ ᠲᠤᠬᠢᠷᠠᠭᠤᠯᠬᠤ ᠰᠣᠷᠤᠭᠴᠢ   ᠶᠢᠨ ᠶᠠᠷᠢᠯᠴᠠᠬᠤ ᠬᠤᠷᠠᠯ ᠬᠤᠷᠠᠯᠳᠤᠭᠤᠯᠪᠠ                                         1 ᠰᠠᠷ᠎ᠠ ᠶᠢᠨ 12  ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ  ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 2022 ᠣᠨ  ᠤ ᠰᠢᠨ᠎ᠡ ᠪᠠᠷ ᠠᠵᠢᠯ ᠳᠤ ᠣᠷᠣᠭᠰᠠᠨ ᠰᠣᠩᠭᠤᠨ ᠲᠤᠬᠢᠷᠠᠭᠤᠯᠬᠤ ᠰᠣᠷᠤᠭᠴᠢ ᠵᠢᠴᠢ  ᠭᠠᠴᠠᠭᠠᠨ ᠳᠤ ᠲᠤᠰᠢᠶᠠᠯ ᠡᠭᠦᠷᠬᠡᠯᠠᠵᠦ ᠪᠠᠶᠢᠭ᠎ᠠ ᠰᠣᠩᠭᠤᠨ ᠲᠤᠬᠢᠷᠠᠭᠤᠯᠬᠤ ᠰᠣᠷᠤᠭᠴᠢ   ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠸᠧᠢ ᠭᠦᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠰᠤᠮᠤ ᠪᠠᠯᠭᠠᠰᠤ ᠪᠣᠯᠣᠨ  ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ  ᠬᠠᠷᠢᠭᠤᠴᠠᠯᠭᠠᠳᠠᠨ᠂ 2020 ᠣᠨ᠂ 2021 ᠣᠨ ᠤ 19 ᠨᠡᠷᠡᠰ ᠰᠣᠩᠭᠤᠨ  ᠲᠤᠬᠢᠷᠠᠭᠤᠯᠬᠤ ᠰᠣᠷᠣᠭᠴᠢ ᠵᠢᠴᠢ 2022 ᠣᠨ ᠳᠤ ᠰᠢᠨ᠎ᠡ ᠪᠠᠷ ᠠᠵᠢᠯ ᠳᠤ ᠣᠷᠣᠭᠰᠠᠨ 7 ᠰᠣᠩᠭᠤᠨ ᠲᠤᠬᠢᠷᠠᠭᠤᠯᠬᠤ ᠰᠣᠷᠣᠭᠴᠢ ᠬᠤᠷᠠᠯ ᠳᠤ ᠣᠷᠣᠯᠴᠠᠵᠠᠢ᠃   ᠬᠤᠷᠠᠯ ᠳᠡᠭᠡᠷ᠎ᠡ᠂ ᠰᠢᠨ᠎ᠡ ᠪᠠᠷ ᠠᠵᠢᠯ ᠳᠤ ᠣᠷᠣᠭᠰᠠᠨ ᠰᠣᠩᠭᠤᠨ  ᠲᠤᠬᠢᠷᠠᠭᠤᠯᠬᠤ ᠰᠣᠷᠣᠭᠴᠢ ᠥᠪᠡᠷ ᠤᠨ ᠪᠡᠶ᠎ᠡ ᠪᠠᠨ ᠲᠠᠨᠢᠯᠴᠠᠭᠤᠯᠬᠤ ᠪᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃  ᠭᠠᠴᠠᠭᠠᠨ ᠳᠤ ᠲᠤᠰᠢᠶᠠᠯ ᠡᠭᠦᠷᠬᠡᠯᠠᠵᠦ ᠪᠠᠶᠢᠭ᠎ᠠ ᠰᠣᠩᠭᠤᠨ ᠲᠤᠬᠢᠷᠠᠭᠤᠯᠬᠤ  19 ᠰᠣᠷᠣᠭᠴᠢ ᠦᠨᠳᠦᠰᠦᠨ ᠱᠠᠲᠤᠨ ᠳᠤ ᠠᠵᠢᠯ ᠥᠷᠨᠢᠭᠦᠯᠦᠭᠰᠡᠨ ᠲᠥᠷᠥᠭᠳᠡᠯ ᠪᠠ ᠣᠯᠣᠯᠲᠠ ᠪᠠᠨ ᠬᠤᠪᠢᠶᠠᠯᠴᠠᠵᠤ᠂ ᠴᠢᠷᠮᠠᠶᠢᠨ ᠲᠡᠮᠡᠴᠡᠬᠦ ᠪᠠᠷ ᠴᠠᠭ ᠦᠶ᠎ᠡ ᠶᠢᠨ ᠡᠭᠦᠷᠭᠡᠯᠡᠯ ᠢ ᠭᠦᠢᠴᠡᠳ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃   ᠸᠠᠩ ᠸᠧᠢ ᠭᠦᠸᠧ ᠴᠢᠬᠤᠯᠠᠴᠢᠯᠠᠬᠤ ᠳᠠᠭᠠᠨ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠬᠥᠭᠵᠢᠯᠲᠡ ᠨᠢ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠰᠣᠶᠣᠯ ᠤᠨ ᠰᠠᠭᠤᠷᠢ ᠭᠦᠨ ᠵᠤᠵᠠᠭᠠᠨ᠂ ᠦᠨᠳᠦᠰᠦᠲᠡᠨ ᠤ ᠵᠠᠩ ᠵᠠᠩᠰᠢᠯ ᠭᠦᠨ ᠵᠤᠵᠠᠭᠠᠨ ᠪᠠᠶᠢᠵᠤ᠂ 6 ᠵᠢᠯ ᠳᠠᠷᠠᠭᠠᠯᠠᠨ ︽ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠬᠤᠲᠠ︾ ᠳᠤ ᠰᠣᠩᠭᠤᠭᠳᠠᠨ ᠣᠷᠣᠵᠤ᠂ ᠬᠥᠭᠵᠢᠯᠲᠡ ᠶᠢᠨ ᠳᠠᠯᠳᠠ ᠬᠦᠴᠦᠨ ᠲᠠᠢ ᠬᠤᠰᠢᠭᠤ ᠰᠢᠶᠠᠨ ᠪᠣᠯᠣᠨ᠎ᠠ᠂ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠢ ᠨᠢ ᠡᠯ᠎ᠡ ᠰᠣᠩᠭᠤᠨ  ᠲᠤᠬᠢᠷᠠᠭᠤᠯᠬᠤ ᠰᠣᠷᠣᠭᠴᠢ ᠳᠤ ᠠᠵᠢᠯ ᠬᠢᠵᠦ ᠦᠢᠯᠡᠰ ᠴᠣᠭᠴᠠᠯᠠᠬᠤ ᠲᠠᠪᠴᠠᠩ ᠪᠠᠶᠢᠭᠤᠯᠤᠨ ᠥᠭᠴᠦ᠂ ᠡᠯ᠎ᠡ ᠰᠣᠩᠭᠤᠨ  ᠲᠤᠬᠢᠷᠠᠭᠤᠯᠬᠤ ᠰᠣᠷᠣᠭᠴᠢ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠨ ᠰᠠᠶᠢᠲᠤᠷ ᠬᠡᠷᠡᠭᠯᠡᠨ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ ᠬᠡᠵᠡᠢ᠃   ᠰᠣᠩᠭᠤᠨ  ᠲᠤᠬᠢᠷᠠᠭᠤᠯᠬᠤ ᠰᠣᠷᠣᠭᠴᠢ ᠶᠢ ᠭᠥᠯᠢᠶᠡᠨ ᠠᠪᠤᠭᠰᠠᠨ ᠰᠤᠮᠤ ᠪᠠᠯᠭᠠᠰᠤ᠂  ᠰᠢᠭᠤᠳ ᠬᠠᠷᠢᠶ᠎ᠠ ᠪᠠᠶᠢᠭᠤᠯᠭ᠎ᠠ ᠶᠢᠨ ᠲᠥᠯᠥᠭᠡᠯᠡᠭᠴᠢ ᠰᠣᠩᠭᠤᠨ  ᠲᠤᠬᠢᠷᠠᠭᠤᠯᠬᠤ ᠰᠣᠷᠣᠭᠴᠢ ᠶᠢ ᠬᠥᠮᠥᠵᠢᠭᠦᠯᠬᠦ᠂ ᠬᠠᠮᠢᠶᠠᠷᠬᠤ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠰᠣᠩᠭᠤᠨ  ᠲᠤᠬᠢᠷᠠᠭᠤᠯᠬᠤ ᠰᠣᠷᠣᠭᠴᠢ ᠳᠤ  ᠬᠦᠰᠡᠯ ᠡᠷᠡᠮᠡᠯᠵᠡᠯ ᠪᠠ ᠡᠷᠬᠢᠮ ᠨᠠᠨᠳᠢᠨ ᠰᠠᠨᠠᠯ ᠢᠶᠠᠨ ᠳᠤᠷᠠᠳᠤᠭᠰᠠᠨ ᠪᠠᠶᠢᠨ᠎ᠠ᠃ᠸᠠᠩ ᠸᠧᠢ ᠭᠦᠸᠧ ᠴᠢᠬᠤᠯᠠᠴᠢᠯᠠᠬᠤ ᠳᠠᠭᠠᠨ᠂   ᠨᠢᠭᠡ ᠳᠤ᠂ ᠳᠦᠷᠢ ᠲᠥᠷᠬᠦ ᠪᠠᠨ ᠬᠤᠪᠢᠷᠠᠭᠤᠯᠵᠤ᠂ ᠠᠯᠢ ᠲᠦᠷᠭᠡᠨ ᠢᠶᠠᠷ ᠵᠣᠬᠢᠴᠠᠬᠤ ᠬᠡᠷᠡᠭᠲᠡᠢ᠃ ᠪᠡᠶ᠎ᠡ ᠶᠢᠨ ᠭᠠᠷᠤᠯ ᠢᠶᠠᠨ ᠬᠤᠪᠢᠷᠠᠭᠤᠯᠬᠤ ᠶᠢ ᠰᠠᠶᠢᠲᠤᠷ ᠬᠢᠵᠦ᠂ ᠬᠤᠪᠢ ᠬᠥᠮᠥᠨ ᠤ ᠡᠭᠦᠷᠭᠡ᠂ ᠬᠠᠷᠢᠭᠤᠴᠠᠯᠭ᠎ᠠ ᠪᠣᠯᠣᠨ ᠡᠭᠦᠷᠭᠡᠯᠡᠯ ᠢᠶᠠᠨ ᠭᠦᠢᠴᠡᠳ ᠲᠠᠨᠢᠵᠤ᠂ ᠰᠡᠳᠬᠢᠴᠡ ᠪᠣᠯᠣᠨ ᠣᠷᠴᠢᠨ ᠲᠣᠭᠤᠷᠢᠨ ᠤ ᠲᠠᠯ᠎ᠠ ᠪᠠᠷ ᠬᠢ ᠬᠦᠴᠢᠷᠳᠡᠯ ᠢᠶᠠᠨ ᠢᠯᠠᠨ ᠳᠠᠪᠠᠵᠤ᠂  ᠰᠡᠳᠬᠢᠯ ᠤᠨ ᠪᠠᠶᠢᠳᠠᠯ ᠢᠶᠠᠨ ᠲᠥᠪ ᠪᠣᠯᠭᠠᠵᠤ᠂ ᠣᠷᠣᠨ ᠪᠠᠶᠢᠷᠢ ᠪᠠᠨ ᠲᠥᠪ ᠪᠣᠯᠭᠠᠵᠤ᠂ ᠦᠭᠡ ᠬᠡᠯᠡ ᠪᠣᠯᠣᠨ ᠠᠮᠢᠳᠤᠷᠠᠯ ᠤᠨ ᠵᠠᠩ ᠳᠠᠳᠬᠠᠯ ᠤᠨ ᠲᠠᠯ᠎ᠠ ᠪᠠᠷ ᠬᠢ ᠵᠥᠷᠢᠶ᠎ᠡ ᠶᠢ ᠲᠡᠪᠴᠢᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠬᠠᠷᠢᠯᠴᠠᠵᠤ᠂ ᠮᠠᠯᠵᠢᠬᠤ ᠣᠷᠣᠨ ᠤ ᠠᠵᠢᠯ ᠠᠮᠢᠳᠤᠷᠠᠯ ᠳᠤ ᠠᠭᠤᠰᠤᠯᠴᠠᠵᠤ᠂ ᠦᠨᠳᠦᠰᠦᠨ ᠱᠠᠲᠤᠨ ᠤ ᠠᠮᠢᠳᠤᠷᠠᠯ ᠳᠤ ᠲᠦᠷᠭᠡᠨ ᠵᠣᠬᠢᠴᠠᠬᠤ ᠬᠡᠷᠡᠭᠲᠡᠢ᠃   ᠬᠤᠶᠠᠷ ᠲᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠤᠨᠦᠯ ᠤᠨ ᠰᠤᠷᠤᠯᠴᠠᠯᠭ᠎ᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯ ᠰᠢᠵᠢᠮ ᠪᠣᠯᠭᠠᠨ ᠲᠡᠷᠢᠭᠦᠨ ᠤ ᠤᠨᠦᠯ ᠤᠨ ᠮᠡᠳᠡᠯᠭᠡ ᠪᠠᠷ ᠲᠠᠷᠢᠬᠢ ᠲᠣᠯᠣᠭᠠᠢ ᠪᠠᠨ ᠪᠠᠶᠠᠯᠢᠭᠵᠢᠭᠤᠯᠵᠤ᠂ ᠤᠯᠤᠰ ᠲᠦᠷᠦ ᠶᠢᠨ ᠤᠬᠠᠮᠰᠠᠷ ᠪᠣᠯᠣᠨ ᠤᠯᠤᠰ ᠲᠦᠷᠦ ᠶᠢᠨ ᠴᠢᠳᠠᠪᠤᠷᠢ ᠪᠠᠨ ᠲᠡᠰᠦᠷᠡᠯᠳᠠ ᠤᠶᠢᠭᠡᠢ ᠳᠡᠭᠡᠭᠰᠢᠯᠡᠭᠦᠯᠬᠦ ᠬᠡᠷᠡᠭᠲᠡᠢ᠃   ᠭᠤᠷᠪᠠ ᠳᠤ᠂ ᠦᠢᠯᠡᠳᠦᠯᠭᠡ ᠶᠢ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠠᠵᠢᠯ ᠤᠨ ᠲᠣᠬᠢᠶᠠᠯ ᠢ ᠨᠠᠨᠳᠢᠩᠨᠠᠵᠤ᠂ ︽ᠳᠣᠯᠣᠭᠠᠨ ᠨᠢᠭᠡ ᠠᠵᠢᠯᠯᠠᠭ᠎ᠠ︾ ᠪᠠᠷ ᠠᠵᠠ ᠲᠣᠬᠢᠶᠠᠯ ᠪᠣᠯᠭᠠᠵᠤ᠂ ᠦᠢᠯᠡᠳᠦᠯᠭᠡ ᠶᠢᠨ ᠳᠠᠪᠲᠠᠯᠲᠠ ᠪᠠᠨ ᠴᠢᠩᠭᠠᠳᠬᠠᠵᠤ᠂ ᠮᠠᠯᠴᠢᠨ ᠲᠦᠮᠡᠨ ᠲᠠᠢ ᠢᠳᠡᠪᠬᠢᠲᠡᠢ ᠪᠠᠷ ᠠᠭᠤᠰᠤᠯᠴᠠᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠬᠠᠮᠲᠤ ᠣᠯᠠᠨ ᠤ ᠳᠤᠮᠳᠠ   ᠠᠴᠠ ᠭᠠᠴᠠᠭ᠎ᠠ ᠲᠣᠰᠬᠤᠨ ᠤ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠰᠠᠨᠠᠭᠠᠴᠢᠯᠠᠭ᠎ᠠ   ᠠᠴᠠ ᠪᠠᠨ  ᠣᠷᠣᠯᠴᠠᠨ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ ᠶᠢᠨ ᠳᠤᠮᠳᠠ   ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠬᠡᠨ ᠠᠪᠴᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠪᠠᠨ  ᠳᠡᠭᠡᠭᠰᠢᠯᠡᠭᠦᠯᠬᠦ ᠬᠡᠷᠡᠭᠲᠡᠢ ᠬᠡᠵᠡᠢ᠃   ᠬᠤᠷᠠᠯ ᠤᠨ ᠳᠠᠷᠠᠭ᠎ᠠ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠮᠢᠶ᠎ᠠ ᠪᠦᠬᠦᠢ ᠨᠣᠮ ᠪᠢᠴᠢᠭ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ᠲᠣᠰᠬᠤᠨ ᠤ ᠪᠠᠶᠢᠳᠠᠯ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ ᠵᠡᠷᠭᠡ 7 ᠨᠡᠷᠡᠰ ᠰᠣᠩᠭᠤᠨ  ᠲᠤᠬᠢᠷᠠᠭᠤᠯᠬᠤ ᠰᠣᠷᠣᠭᠴᠢ ᠳᠤ ᠠᠵᠢᠯ ᠳᠤ ᠣᠷᠣᠬᠤ ᠪᠡᠯᠡᠭ ᠭᠠᠷᠳᠠᠭᠤᠯᠣᠨ ᠵᠠᠯᠠᠭᠤ ᠺᠠᠳ᠋ᠷᠴᠤᠳ ᠢ ᠬᠠᠯᠠᠮᠵᠢᠯᠠᠨ ᠬᠦᠨᠳᠦᠳᠬᠡᠵᠦ ᠪᠠᠶᠢᠬᠤ ᠶᠢ  ᠢᠯᠡᠳᠭᠡᠭᠰᠡᠨ ᠤ ᠬᠠᠮᠳᠣ ᠰᠣᠩᠭᠤᠨ  ᠲᠤᠬᠢᠷᠠᠭᠤᠯᠬᠤ ᠰᠣᠷᠣᠭᠴᠢ ᠶᠢ ᠰᠢᠨ᠎ᠡ ᠠᠵᠢᠯ ᠤᠨ ᠪᠠᠶᠢᠷᠢᠨ ᠳᠤ ᠵᠠᠯᠠᠭᠤ ᠨᠠᠰᠤᠨ ᠳᠠᠭᠠᠨ ᠬᠤᠪᠢ ᠨᠡᠮᠡᠷᠢ ᠦᠵᠡᠭᠦᠯᠵᠦ᠂ ᠬᠡᠷᠡᠯ ᠭᠢᠯᠪᠠᠭ᠎ᠠ ᠪᠠᠨ ᠪᠠᠳᠠᠷᠠᠭᠤᠯᠬᠤ ᠶᠢ ᠵᠣᠷᠢᠭᠵᠢᠭᠤᠯᠪᠠ᠃    
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号