365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ 2022 ᠣᠨ ᠤ ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ ᠶᠢ ᠨᠡᠷᠡᠶᠢᠳᠦᠨ  ᠱᠠᠩᠨᠠᠬᠤ ᠶᠡᠭᠡ ᠬᠤᠷᠠᠯ ᠡᠷᠬᠢᠯᠡᠪᠡ
        ᠨᠡᠶᠢᠲᠡᠯᠡᠭᠰᠡᠨ ᠴᠠᠭ᠄
        2023/1/4
        ᠪᠠᠷᠠᠭᠤᠨ ᠦᠵᠦᠮᠦᠴᠢᠨ ᠬᠤᠰᠢᠭᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ 2022 ᠣᠨ ᠤ ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ ᠶᠢ ᠨᠡᠷᠡᠶᠢᠳᠦᠨ  ᠱᠠᠩᠨᠠᠬᠤ ᠶᠡᠭᠡ ᠬᠤᠷᠠᠯ ᠡᠷᠬᠢᠯᠡᠪᠡ                            12 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠣᠯᠯᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ 2022 ᠣᠨ ᠤ ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ ᠶᠢ ᠨᠡᠷᠡᠶᠢᠳᠦᠨ ᠱᠠᠩᠨᠠᠬᠤ ᠶᠡᠭᠡ ᠬᠤᠷᠠᠯ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠲᠠᠩᠬᠢᠮ ᠳᠤ ᠶᠠᠪᠤᠭᠳᠠᠪᠠ᠃ ᠬᠤᠰᠢᠭᠤ ᠳᠥᠷᠪᠡᠨ ᠶᠡᠭᠡ ᠪᠠᠭ ᠤᠨ ᠭᠤᠣᠯ ᠤᠳᠤᠷᠢᠳᠤᠯᠭ᠎ᠠ ᠪᠣᠯᠣᠨ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠵᠠᠢ᠃
           ᠪᠠᠷᠠᠭᠤᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠵᠢᠴᠢ 2022 ᠣᠨ ᠤ ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ ᠶᠢ ᠨᠡᠶᠢᠷᠡᠶᠢᠳᠦᠨ ᠱᠠᠩᠨᠠᠬᠤ ᠶᠡᠭᠡ ᠬᠤᠷᠠᠯ ᠢ ᠪᠠᠷᠠᠭᠤᠨ ᠦᠵᠦᠮᠦᠴᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠣᠯᠯᠠᠨ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠵᠡᠶ᠃   ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠪᠠᠶᠠᠷ ᠤᠨ ᠶᠠᠷᠢᠶᠠᠨ ᠳᠠᠭᠠᠨ᠂  ᠶᠠᠭᠤᠨ ᠤ ᠡᠮᠦᠨ᠎ᠡ ᠬᠤᠰᠢᠭᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠱᠠᠩᠨᠠᠯ ᠭᠥᠷᠳᠡᠭᠰᠡᠨ ︽ᠶᠣᠰᠣ ᠰᠤᠷᠲᠠᠬᠤᠨ ᠤ ᠵᠢᠱᠢᠶᠡᠴᠢ︾ ᠪᠠ ︽ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ︾ ᠳᠤ ᠪᠠᠶᠠᠷ ᠬᠦᠷᠭᠡᠵᠦ ᠪᠠᠶᠢᠨ᠎ᠠ︕ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠥᠷᠭᠡᠨ ᠣᠯᠠᠨ ᠪᠦᠲᠦᠭᠡᠨ ᠪᠠᠶᠢᠭᠤᠯᠤᠭᠴᠢᠳ  ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ᠭᠡᠵᠡᠢ᠃
            ᠲᠡᠷᠡ ᠵᠢᠭᠠᠵᠤ ᠭᠠᠷᠭᠠᠭᠰᠠᠨ ᠨᠢ᠂ ᠶᠣᠰᠣ ᠰᠤᠷᠲᠠᠬᠤᠨ ᠤ ᠬᠡᠪ ᠴᠢᠨᠠᠷ ᠪᠣᠯ ᠬᠥᠮᠥᠨ ᠤ ᠬᠡᠪ ᠴᠢᠨᠠᠷ ᠤᠨ ᠴᠢᠬᠤᠯᠠ ᠠᠭᠤᠯᠭ᠎ᠠ ᠮᠥᠨ᠂ ᠶᠣᠰᠣ ᠰᠤᠷᠲᠠᠬᠤᠨ ᠤ ᠬᠢᠷᠢ ᠲᠦᠪᠰᠢᠨ ᠪᠣᠯ ᠨᠡᠶᠢᠭᠡᠮ ᠤᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠃ ᠣᠶᠢᠷ᠎ᠠ ᠶᠢᠨ ᠵᠢᠯ ᠂ ᠪᠦᠬᠦ ᠬᠤᠰᠢᠭᠤ ᠪᠠᠷ ᠢᠶᠠᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠦᠮᠦᠵᠢᠭᠦᠯᠬᠦ ᠪᠠ ᠦᠢᠯᠡᠳᠦᠯᠭᠡᠵᠢᠭᠦᠯᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠠᠬᠢᠭᠤᠯᠤᠨ᠂ ᠶᠣᠰᠣ ᠰᠤᠷᠲᠠᠬᠤᠨ ᠤ ᠵᠢᠱᠢᠶᠡᠴᠢ᠂ ︽ᠪᠠᠷᠠᠭᠤᠨ ᠦᠵᠦᠮᠦᠴᠢᠨ ᠤ ᠬᠠᠮᠤᠭ ᠤᠨ ᠭᠤᠶᠤ ᠬᠤᠪᠢ ᠨᠡᠮᠡᠷᠢ ᠦᠵᠡᠭᠦᠯᠦᠭᠴᠢ︾ ᠪᠣᠯᠬᠤ ᠪᠠᠷ ᠴᠢᠷᠮᠠᠶᠢᠬᠤ ᠶᠢ ᠬᠦᠮᠦᠵᠢᠭᠦᠯᠬᠦ ᠪᠠ ᠤᠬᠠᠭᠤᠯᠤᠨ ᠰᠤᠷᠲᠠᠯᠴᠢᠯᠠᠬᠤ ᠶᠠᠪᠤᠳᠠᠯ ᠢ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠴᠢᠬᠤᠯᠠ ᠠᠷᠭ᠎ᠠ ᠪᠠᠷᠢᠯ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠨ᠂ ᠰᠠᠶᠢᠨ ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠬᠤ ᠶᠢ ᠪᠠᠷᠢᠮᠲᠠᠯᠠᠭᠰᠠᠨ ᠠᠴᠠ ᠨᠡᠶᠢᠭᠡᠮ ᠵᠢᠷᠤᠮ ᠤᠨ ᠶᠣᠰᠣ ᠰᠤᠷᠲᠠᠬᠤᠨ ᠤ ᠱᠠᠭᠠᠷᠳᠠᠯᠭ᠎ᠠ ᠳᠤ ᠨᠡᠶᠢᠴᠡᠭᠰᠡᠨ ᠦᠯᠡᠮᠵᠢ ᠤᠯᠠᠨ ᠲᠡᠷᠢᠭᠦᠨ ᠤ ᠵᠢᠱᠢᠶᠡᠴᠢ  ᠳᠠᠭᠤᠷᠢᠶᠠᠯ ᠤᠳ ᠴᠣᠯᠭᠤᠷᠠᠨ ᠭᠠᠷᠤᠭᠰᠠᠨ ᠶᠤᠮ ᠭᠡᠵᠡᠢ᠃    ᠲᠡᠷᠡ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠠᠵᠢᠯ ᠳᠤᠮᠳᠠ ᠪᠠᠨ᠂ ᠪᠢᠳᠡ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠤᠪᠢ ᠨᠡᠮᠡᠷᠢ ᠦᠵᠡᠭᠦᠯᠦᠭᠴᠢ ᠶᠢ ᠰᠢᠯᠭᠠᠷᠠᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠪᠠᠷᠠᠭᠤᠨ ᠦᠵᠦᠮᠦᠴᠢᠨ ᠤ ᠰᠠᠶᠢᠴᠤᠤᠯ︾ ᠤᠨ  ᠵᠢᠭᠰᠠᠭᠠᠯᠲᠠ ᠶᠢ ᠰᠠᠶᠢᠲᠤᠷ ᠴᠣᠭᠴᠠᠯᠠᠵᠤ᠂ ᠡᠯ᠎ᠡ ᠠᠵᠢᠯ ᠲᠥᠷᠥᠯ ᠤᠨ ᠰᠠᠶᠢᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠪᠥᠬᠦ ᠲᠠᠯ᠎ᠠ ᠪᠠᠷ ᠢᠯᠡᠷᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠣᠯᠠᠨ ᠲᠦᠮᠡᠨ ᠢ ᠵᠣᠷᠢᠭᠵᠢᠭᠤᠯᠤᠨ ᠳᠠᠶᠢᠴᠢᠯᠠᠵᠤ᠂ ︽ᠪᠠᠷᠠᠭᠤᠨ ᠦᠵᠦᠮᠦᠴᠢᠨ ᠢᠶᠠᠨ ᠬᠠᠶᠢᠷᠠᠯᠠᠬᠤ︾ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠴᠢᠩᠭᠠᠳᠬᠠᠵᠤ᠂ ᠪᠥᠬᠦ ᠬᠤᠰᠢᠭᠤᠨ ᠳᠤ ᠰᠠᠶᠢᠨ ᠦᠢᠯᠡ ᠠᠵᠢᠯᠯᠠᠭ᠎ᠠ ᠨᠢ ᠰᠠᠶᠢᠨ ᠤ ᠬᠠᠷᠢᠭᠤ ᠲᠠᠢ ᠪᠣᠯᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠢ︔ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠥᠰ ᠤᠨ ᠲᠡᠷᠢᠭᠦᠨ ᠤ ᠦᠶᠯᠡ ᠠᠵᠢᠯᠯᠠᠭ᠎ᠠ ᠠᠴᠠ ᠰᠠᠶᠢᠲᠤᠷ  ᠲᠠᠭᠠᠨ ᠰᠤᠷᠤᠯᠴᠠᠵᠤ᠂ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠤᠨ᠂ ᠨᠡᠶᠢᠲᠡ ᠣᠯᠠᠨ ᠢ ᠤᠷᠢᠶᠠᠯᠠᠨ᠂ ᠴᠠᠭ ᠦᠶ᠎ᠡ ᠶᠢᠨ ᠢᠳᠡᠪᠬᠢ ᠬᠦᠴᠦᠨ ᠢ ᠳᠠᠮᠵᠢᠭᠤᠯᠵᠤ᠂ ᠶᠣᠰᠣ ᠰᠤᠷᠲᠠᠬᠤᠨ ᠢ ᠡᠷᠬᠢᠮᠯᠡᠬᠦ᠂ ᠢᠷᠠᠭᠤ ᠠᠯᠳᠠᠷ ᠢᠴᠢᠭᠦᠷᠢ ᠭᠤᠲᠤᠮᠰᠢᠭ ᠢ ᠮᠡᠳᠡᠬᠦ᠂ ᠬᠤᠪᠢ ᠨᠡᠮᠡᠷᠢ ᠦᠵᠡᠭᠦᠯᠬᠦ᠂ ᠡᠶ᠎ᠡ ᠵᠣᠬᠢᠴᠠᠯ ᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠶᠣᠰᠣ ᠰᠤᠷᠲᠠᠬᠤᠨ ᠤ ᠵᠢᠱᠢᠶᠡᠴᠢ ᠪᠣᠯᠣᠨ ᠳᠡᠷᠭᠡᠳᠡᠬᠢ ᠰᠠᠶᠢᠴᠤᠤᠯ ᠠᠴᠠ ᠰᠤᠷᠤᠯᠴᠠᠬᠤ ᠵᠢᠴᠢ ᠪᠣᠯᠪᠠᠰᠤᠨ ᠨᠢᠭᠡᠴᠡ᠂ ᠪᠣᠯᠪᠠᠰᠤᠨ  ᠭᠠᠴᠠᠭ᠎ᠠ ᠰᠣᠮᠣ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠴᠤᠤᠯ ᠢᠶᠠᠷ ᠳᠠᠭᠤᠷᠢᠶᠠᠯ ᠪᠣᠯᠭᠠᠨ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠰᠤᠷᠲᠠᠬᠤᠨ᠂ ᠭᠡᠷ ᠪᠦᠯᠢ ᠶᠢᠨ ᠰᠠᠶᠢᠬᠠᠨ ᠰᠤᠷᠲᠠᠯ᠂ ᠬᠤᠪᠢ ᠬᠥᠮᠥᠨ ᠤ ᠵᠠᠩ ᠮᠣᠷᠠᠯ ᠢ ᠦᠢᠯᠡᠳᠦᠯᠭᠡᠵᠢᠭᠦᠯᠵᠦ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠲᠣᠪᠣᠶᠢᠮ᠎ᠠ ᠵᠢᠳᠬᠦᠯ ᠭᠠᠷᠠᠭᠠᠨ᠂ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠢᠶᠠᠨ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠶᠣᠰᠣ ᠰᠤᠷᠲᠠᠬᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃   ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠣᠬᠤᠷ ᠹᠢᠯᠢᠮ ᠢᠶᠠᠷ ᠳᠠᠮᠵᠢᠭᠤᠯᠤᠨ᠂ 4 ᠶᠣᠰᠣ ᠰᠤᠷᠲᠠᠬᠤᠨ ᠤ ᠵᠢᠱᠢᠶᠡᠴᠢ ᠶᠢᠨ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ᠂ ᠨᠠᠰᠤᠲᠠᠨ ᠢᠶᠠᠨ ᠠᠴᠢᠯᠠᠵᠤ ᠨᠢᠯᠬᠠᠰ ᠢ ᠬᠠᠶᠢᠷᠠᠯᠠᠭᠰᠠᠨ᠂ ᠦᠨᠡᠨᠴᠢ  ᠢᠲᠡᠭᠡᠮᠵᠢ ᠶᠢ ᠡᠷᠬᠢᠮᠯᠡᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠣᠨ 22 ᠬᠠᠮᠤᠭ ᠤᠨ ᠭᠤᠶᠤ ᠬᠥᠮᠥᠰ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠰᠠᠨ ᠵᠣᠷᠢᠭ ᠰᠠᠨᠠᠭ᠎ᠠ ᠶᠢ ᠠᠳᠠᠯᠢ ᠪᠤᠰᠤ ᠬᠠᠷᠠᠭᠠᠰᠤ ᠠᠴᠠ ᠳᠡᠯᠭᠡᠨ ᠦᠵᠡᠭᠦᠯᠵᠡᠢ᠃  ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠴᠠ ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠮᠧᠳᠠᠯ᠂ ᠱᠠᠩᠨᠠᠯ ᠤᠨ ᠬᠤᠨᠳᠠᠭ᠎ᠠ ᠶᠢ ᠭᠠᠷᠳᠠᠭᠤᠯᠪᠠ᠃   ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ ᠶᠣᠰᠣ ᠰᠤᠷᠲᠠᠬᠤᠨ ᠤ ᠵᠢᠱᠢᠶᠡᠴᠢ ᠨᠠᠷᠠᠨᠮᠠᠨᠳᠤᠯ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠮᠤᠭ ᠤᠨ ᠭᠤᠶᠤ ᠠᠵᠢᠯᠲᠠᠨ ᠬᠠᠰᠲᠤᠶᠠᠭ᠎ᠠ᠂ ᠬᠠᠮᠤᠭ ᠤᠨ ᠭᠤᠶᠤ ᠰᠠᠭᠤᠭᠠᠯᠢ ᠠᠷᠠᠳ ᠤᠨ ᠲᠥᠯᠥᠭᠡᠯᠡᠭᠴᠢ ᠰᠦ᠋ ᠪᠦᠦ ᠲᠤᠰ ᠲᠤᠰ ᠶᠠᠷᠢᠶ᠎ᠠ ᠲᠠᠯᠪᠢᠵᠠᠢ᠃   ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠮᠤᠭ ᠤᠨ ᠭᠤᠶᠣ ᠠᠵᠢᠯᠲᠠᠨ    ᠬᠠᠰᠲᠤᠶᠠᠭ᠎ᠠ᠄ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠮᠤᠭ ᠤᠨ ᠭᠤᠶᠣ ᠠᠵᠢᠯᠲᠠᠨ︾ ‍ᠦ‌ᠢᠷᠠᠭᠤ ᠠᠯᠳᠠᠷ ᠢ ᠬᠦᠷᠲᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠃ ᠡᠨᠡ ᠨᠢ ᠮᠥᠨ ᠴᠤ ᠮᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠳ ᠤᠨ ᠬᠠᠮᠲᠤ ᠶᠢᠨ ᠢᠷᠠᠭᠤ ᠠᠯᠳᠠᠷ ᠪᠣᠯᠣᠨ᠎ᠠ᠃ ᠬᠤᠶᠢᠰᠢᠳᠠ᠂ ᠡᠨᠡᠬᠦ ᠬᠥᠬᠢᠭᠦᠯᠦᠯ ᠢᠶᠠᠷ ᠰᠢᠨ᠎ᠡ ᠭᠠᠷᠤᠭ᠎ᠠ ᠪᠣᠯᠭᠠᠨ᠂ ᠦᠷᠭᠦᠯᠵᠢᠯᠡᠨ ᠴᠢᠷᠮᠠᠶᠢᠵᠤ᠂ ᠪᠦᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠲᠥᠯᠥᠭᠡ ᠴᠢᠷᠮᠠᠶᠢᠨ ᠠᠵᠢᠯᠯᠠᠨ᠎ᠠ  ᠭᠡᠯ᠎ᠡ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号