ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠣᠨ | ᠰᠣᠩᠭᠤᠭᠤᠯᠢ ᠶᠢᠨ ᠠᠵᠢᠯ ᠤᠨ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ | ᠪᠣᠯᠪᠠᠰᠤᠷᠠᠯ ᠡᠷᠬᠢᠯᠡᠪᠡ | | 12 ᠰᠠᠷ᠎ᠠ ᠶᠢᠨ 27 ᠤ ᠦᠳᠡ ᠶᠢᠨ ᠬᠤᠶᠢᠨ᠎ᠠ᠂ ᠶᠡᠭᠡ ᠬᠤᠷᠠᠯ ᠤᠨ ᠲᠣᠬᠢᠷᠠᠭᠤᠯᠤᠯᠲᠠ ᠶᠣᠰᠣᠭᠠᠷ᠂ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ | ᠰᠣᠩᠭᠤᠭᠤᠯᠢ ᠶᠢᠨ ᠠᠵᠢᠯ ᠤᠨ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ | ᠪᠣᠯᠪᠠᠰᠤᠷᠠᠯ ᠡᠷᠬᠢᠯᠡᠵᠦ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃ | | ᠪᠣᠯᠪᠠᠰᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠰᠦᠯᠵᠢᠶᠡᠨ ᠤ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠤᠨ ᠡᠷᠬᠢᠯᠡᠭᠴᠢ ᠮᠧᠩ ᠰᠢᠶᠠᠩ ᠾᠦᠢ ︽ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠠᠵᠢᠯ ᠤᠨ ᠤᠳᠤᠷᠢᠳᠬᠤ ᠡᠷᠬᠡ ᠶᠢ ᠪᠠᠲᠤ | ᠡᠵᠡᠮᠳᠡᠶ᠎ᠡ︾ ᠭᠡᠬᠦ ᠰᠡᠳᠦᠪ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠭᠤᠷᠢᠨ ᠳᠤ ᠲᠤᠭ ᠲᠡᠮᠳᠡᠭ᠂ | ᠵᠠᠮ ᠱᠤᠭᠤᠮ᠂ ᠤᠯᠤᠰ ᠲᠥᠷᠥ ᠶᠢᠨ ᠠᠮᠤᠷ ᠲᠦᠪᠰᠢᠨ ᠳᠤ ᠬᠤᠯᠪᠤᠭᠳᠠᠭᠤᠯᠤᠨ᠂ ᠵᠠᠭᠤᠴᠢᠯᠠᠭᠤᠷ ᠤᠨ | ᠪᠠᠶᠢᠷᠢᠯᠠᠭᠤᠯᠤᠯᠲᠠ ᠪᠣᠯᠣᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠳᠠᠬᠢ ᠭᠦᠨᠵᠡᠭᠡᠢ ᠬᠤᠪᠢᠷᠠᠯᠲᠠ ᠵᠡᠷᠭᠡ | ᠲᠦᠷᠪᠡᠨ ᠲᠠᠯ᠎ᠠ ᠪᠠᠷ ᠠᠮᠢᠳᠣᠯᠢᠭ ᠪᠤᠳᠠᠳᠠᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠮᠠᠰᠢ | ᠴᠢᠩᠭ᠎ᠠ ᠤᠨᠤᠯᠴᠢ ᠴᠢᠨᠠᠷ᠂ ᠦᠢᠯᠡᠳᠦᠯᠭᠡᠲᠦ ᠴᠢᠨᠠᠷ ᠪᠠ ᠵᠢᠯᠤᠭᠤᠳᠬᠤ ᠴᠢᠨᠠᠷ ᠲᠠᠢ ᠨᠠᠷᠢᠯᠢᠭ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠤᠮᠵᠢ ᠬᠢᠵᠠᠢ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠴᠠ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠵᠥᠩᠨᠡᠯᠲᠡ ᠶᠢᠨ ᠴᠢᠨᠠᠷ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠬᠤ᠂ | ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ | ᠡᠷᠢᠯᠬᠢᠯᠡᠬᠦ ᠶᠢ ᠡᠷᠡᠰ ᠪᠡᠶᠡᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠪᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠪᠣᠯᠪᠠᠰᠤᠷᠠᠯ ᠳᠤ ᠪᠠᠰᠠ ᠬᠤᠷᠠᠯ ᠳᠤ ᠣᠷᠣᠯᠴᠠᠭᠰᠠᠳ ᠰᠣᠩᠭᠤᠭᠤᠯᠢ ᠶᠢᠨ ᠠᠵᠢᠯ ᠤᠨ ᠰᠠᠬᠢᠯᠭ᠎ᠠ ᠪᠠᠲᠤ ᠶᠢᠨ | ᠴᠢᠩᠭᠠᠰᠡᠷᠡᠮᠵᠢᠯᠡᠭᠦᠯᠬᠦ ᠬᠥᠮᠦᠵᠢᠯ ᠤᠨ ᠹᠢᠯᠢᠮ ᠶᠢ ᠰᠣᠨᠢᠷᠬᠠᠪᠠ᠃ ᠴᠢᠩᠭᠠᠰᠡᠷᠡᠮᠵᠢᠯᠡᠭᠦᠯᠬᠦ ᠬᠥᠮᠦᠵᠢᠯ ᠤᠨ ᠹᠢᠯᠢᠮᠨᠢ | ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠵᠤ᠂ ᠨᠠᠮ ᠤᠨ | ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠰᠠᠬᠢᠯᠭ᠎ᠠ ᠪᠠᠲᠤ ᠶᠢ ᠴᠢᠩᠭᠠᠳᠬᠠᠬᠤ ᠡᠷᠡᠰ ᠪᠠᠲᠤ | ᠵᠣᠷᠢᠭ ᠪᠣᠯᠣᠨ ᠢᠯᠡ ᠲᠣᠳᠣ ᠣᠪᠣᠷ ᠢ ᠭᠦᠢᠴᠡᠳ ᠢᠯᠡᠷᠡᠭᠦᠯᠵᠦ᠂ ᠪᠦᠬᠦ ᠲᠥᠯᠥᠭᠡᠯᠡᠭᠴᠢᠳ ᠲᠤ ᠠᠮᠢᠳᠤᠯᠢᠭ | ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠤᠷᠤᠭᠰᠠᠨ ᠪᠠᠶᠢᠨ᠎ᠠ᠃ | ᠪᠤᠯᠪᠠᠰᠤᠷᠠᠯ ᠠᠴᠠ ᠱᠠᠭᠠᠷᠳᠠᠬᠤ ᠳᠠᠭᠠᠨ᠂ ᠬᠤᠷᠠᠯ ᠳᠤ ᠤᠷᠤᠯᠴᠠᠭᠰᠠᠨ ᠪᠦᠬᠦ ᠲᠦᠯᠦᠭᠡᠯᠡᠭᠴᠢᠤᠯᠤᠰ ᠲᠥᠷᠥ ᠶᠢᠨ | ᠵᠣᠭᠰᠣᠴᠠ ᠪᠠᠨ ᠤᠯᠠᠮ ᠴᠢᠨᠠᠭᠰᠢᠲᠠ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠨ᠂ ᠶᠡᠭᠡ ᠬᠤᠷᠠᠯ ᠤᠨ | ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠠᠮ ᠪᠣᠯᠣᠨ ᠠᠷᠠᠳ ᠲᠦᠮᠡᠨ ᠤ | ᠢᠲᠡᠭᠡᠯ ᠨᠠᠶᠢᠳᠠᠯᠭ᠎ᠠ ᠶᠢ ᠬᠤᠪᠢ ᠳᠠᠬᠢᠨ ᠨᠠᠨᠳᠢᠩᠨᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ | ᠰᠣᠩᠭᠤᠭᠤᠯᠢ ᠶᠢᠨ ᠠᠵᠢᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ | ᠬᠡᠪ ᠢᠶᠠᠷ ᠨᠢ ᠲᠤᠤᠱᠯᠠᠭᠤᠯᠤᠨ ᠬᠡᠷᠡᠭᠵᠢᠭᠦᠯᠵᠦ᠂ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠳᠠᠪᠠᠵᠤ ᠪᠣᠯᠣᠰᠢ ᠦᠭᠡᠢ ᠬᠤᠷᠢᠭ᠎ᠠ ᠱᠤᠭᠤᠮ ᠪᠣᠯᠭᠠᠵᠤ᠂ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠢᠯᠡ ᠲᠣᠳᠣ ᠤᠯᠤᠰ | ᠲᠦᠷᠦ ᠶᠢᠨ ᠣᠪᠣᠷ᠂ ᠡᠷᠡᠰ ᠪᠠᠲᠤ ᠤᠯᠤᠰ ᠲᠦᠷᠦ ᠶᠢᠨ ᠵᠣᠭᠰᠣᠯᠲᠠ ᠪᠠᠷ ᠰᠣᠩᠭᠤᠭᠤᠯᠢ ᠶᠢᠨ ᠠᠵᠢᠯ ᠢ ᠬᠠᠤᠯᠢ | ᠳᠦᠷᠢᠮ ᠶᠣᠰᠣᠭᠠᠷ ᠰᠠᠶᠢᠲᠤᠷ ᠬᠢᠵᠦ᠂ ᠶᠡᠭᠡ ᠬᠤᠷᠠᠯ ᠤᠨ ᠰᠤᠷᠲᠠᠯ ᠴᠢᠬᠡᠴᠢ ᠣᠪᠣᠷ ᠲᠥᠪ ᠲᠡᠭᠦᠰ ᠠᠮᠵᠢᠯᠲᠠᠲᠠᠢ | ᠬᠤᠷᠠᠯᠳᠤᠬᠤ ᠶᠢ ᠡᠷᠬᠡᠪᠰᠢ ᠪᠠᠳᠤᠯᠠᠬᠤ ᠬᠡᠷᠡᠭᠳᠠᠢ ᠭᠡᠵᠠᠢ᠃ |