2023 ᠣᠨ ᠤ ︽ᠮᠥᠩᠭᠦᠨ ᠡᠪᠦᠯ ᠤᠨ ᠪᠠᠷᠠᠭᠤᠨ ᠦᠵᠦᠮᠦᠴᠢᠨ ᠂ ᠲᠠᠯ᠎ᠠ ᠨᠤᠲᠤᠭ ᠤᠨ ᠮᠥᠰᠥ ᠴᠠᠰᠤᠨ ᠤ | ᠨᠠᠶᠢᠷ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ | | | 12 ᠰᠠᠷ᠎ᠠ ᠶᠢᠨ 30 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤ 2023 ᠣᠨ ᠤ ︽ | ᠮᠥᠩᠭᠦᠨ ᠡᠪᠦᠯ ᠤᠨ ᠪᠠᠷᠠᠭᠤᠨ ᠦᠵᠦᠮᠦᠴᠢᠨ ᠂ ᠲᠠᠯ᠎ᠠ ᠨᠤᠲᠤᠭ ᠤᠨ ᠮᠥᠰᠥ ᠴᠠᠰᠤᠨ ᠤ ᠨᠠᠶᠢᠷ︾ ᠤᠨ | ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠬᠡᠪᠡᠷ ᠡᠷᠬᠢᠯᠡᠨ ᠶᠠᠪᠤᠭᠳᠠᠭᠤᠯᠵᠤ᠂ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠤᠳᠬᠠᠠᠪᠠᠭᠠᠲᠤᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤ | ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠳ᠋ᠧ ᠰᠢᠨ ᠡᠬᠢᠯᠡᠯᠲᠡ ᠶᠢᠨ ᠶᠣᠰᠣᠯᠠᠯ ᠢ ᠡᠷᠬᠢᠯᠡᠨ᠂ ᠬᠤᠰᠢᠭᠤ | ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶᠠᠲᠠᠢ | ᠬᠠᠷᠢᠭᠤᠴᠠᠯᠭᠠᠲᠠᠨ ᠶᠣᠰᠣᠯᠠᠯ ᠳᠤ ᠤᠷᠤᠯᠴᠠᠵᠠᠢ᠃ | | | | ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠶᠣᠣ ᠬᠤᠩ ᠭᠠᠩ ᠡᠬᠢᠯᠡᠯᠲᠡ ᠶᠢᠨ | ᠶᠣᠰᠣᠯᠠᠯ ᠡᠬᠢᠯᠡᠭᠰᠡᠨ ᠢ ᠵᠠᠷᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ | ᠬᠡᠯᠳᠡᠰ ᠤᠨ ᠲᠠᠷᠤᠭ᠎ᠠ ᠯᠢ ᠰᠢᠤᠸᠠᠢ ᠶᠢᠩ ᠶᠤᠰᠤᠯᠠᠯ ᠳᠤ ᠪᠠᠶᠠᠷ ᠤᠨ ᠶᠠᠷᠢᠶ᠎ᠠ ᠲᠠᠯᠪᠢᠵᠠᠢ᠃ ᠲᠡᠷᠡ ᠶᠠᠷᠢᠶᠠᠨ | ᠳᠠᠭᠠᠨ᠄ ᠮᠠᠨ ᠤ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠡᠷᠡᠭᠦᠯ ᠡᠩᠬᠡ ᠳᠤᠮᠳᠠᠳᠤ ᠤᠯᠤᠰ ᠤᠨ | ᠪᠠᠶᠢᠯᠳᠤᠬᠤ ᠪᠣᠳᠣᠯᠭ᠎ᠠ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠᠶᠢᠯᠳᠤᠬᠤ | ᠪᠣᠳᠣᠯᠭ᠎ᠠ ᠶᠢᠨ ᠲᠣᠭᠤᠷᠢᠨ ᠳᠤ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠪᠡᠶ᠎ᠡ | ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠤᠷᠤᠯᠳᠤᠭᠠᠨ ᠪᠠ | ᠣᠯᠠᠨ ᠲᠦᠮᠡᠨ ᠤ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠂ ᠮᠥᠰᠥ ᠴᠠᠰᠤᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠦᠨ ᠲᠦᠭᠡᠮᠡᠯᠵᠢᠭᠦᠯᠵᠦ᠂ ᠪᠠᠷᠠᠭᠤᠨ ᠦᠵᠦᠮᠦᠴᠢᠨ ᠤ ᠮᠥᠰᠥ | ᠴᠠᠰᠤᠨ ᠤ ᠤᠷᠤᠯᠳᠤᠭᠠᠨ ᠪᠠ ᠰᠣᠶᠣᠯ ᠵᠢᠭᠤᠯᠴᠢᠯᠠᠯ ᠤᠨ ᠮᠥᠩᠭᠦᠨ ᠥᠩᠭᠡᠲᠦ ᠲᠥᠷᠥᠯ ᠲᠡᠮᠳᠡᠭ ᠢ ᠦᠷᠭᠦᠯᠵᠢᠯᠡᠨ | ᠡᠭᠦᠳᠴᠦ᠂ ︽ᠬᠦᠢᠲᠡᠨ ᠡᠬᠢ ᠪᠠᠶᠠᠯᠢᠭ︾ ᠲᠤ ᠰᠠᠭᠤᠷᠢᠯᠠᠨ ︽ᠬᠠᠯᠠᠭᠤᠨ ᠠᠵᠤ ᠠᠬᠤᠢ︾ ᠶᠢ ᠬᠦᠭᠵᠢᠭᠡᠵᠦ᠂ | ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ | ᠲᠡᠭᠡᠭᠰᠢᠯᠡᠬᠦᠯᠬᠦ ᠵᠤᠷᠢᠯᠭ᠎ᠠ ᠠᠴᠠ ᠪᠢᠳᠡ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ | ᠢᠳᠡᠪᠬᠢᠲᠡᠢ ᠰᠠᠨᠠᠭᠠᠴᠢᠯᠠᠭ᠎ᠠ ᠲᠠᠢ ᠬᠦᠳᠡᠯᠦᠯᠴᠡᠨ᠂ ᠰᠣᠶᠣᠯ ᠪᠤᠯᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠪᠤᠯᠤᠨ | ᠪᠠᠶᠠᠷ ᠪᠠᠶᠠᠰᠤᠯ ᠢ ᠦᠷᠭᠦᠯᠵᠢᠯᠡᠨ ᠳᠠᠮᠵᠢᠭᠤᠯᠵᠤ᠂ ᠠᠷᠠᠳ ᠲᠦᠮᠡᠨ ᠤ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠳᠤ ᠣᠷᠤᠯᠴᠠᠬᠤ ᠢᠳᠡᠪᠬᠢᠵᠢᠯ ᠢ ᠳᠠᠬᠢᠨᠲᠠ ᠲᠠᠶᠢᠴᠢᠯᠠᠨ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠬᠠᠮᠤᠷᠬᠤ ᠬᠦᠷᠢᠶ᠎ᠡ ᠴᠠᠷ᠎ᠠ ᠪᠠ ᠲᠠᠯ᠎ᠠ ᠨᠤᠲᠤᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ᠪᠠᠶᠠᠨ ᠴᠢᠨᠡᠭᠡᠯᠢᠭ᠂ ᠪᠣᠯᠪᠠᠰᠤᠨ᠂ ᠡᠶ᠎ᠡ ᠵᠤᠬᠢᠴᠠᠯ ᠲᠠᠢ᠂ | ᠦᠵᠡᠰᠬᠦᠯᠡᠩᠲᠦ ᠰᠠᠶᠢᠬᠠᠨ︾ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠨᠡᠩ ᠶᠡᠭᠡ | ᠰᠢᠨ᠎ᠡ ᠬᠦᠴᠦᠨ ᠨᠡᠮᠡᠷᠢ ᠦᠵᠡᠭᠦᠯᠬᠦ ᠬᠡᠷᠡᠭᠲᠡᠢ ᠬᠡᠵᠠᠢ᠃ | | | ᠡᠬᠢᠯᠡᠯᠲᠡ ᠶᠢᠨ ᠶᠣᠰᠣᠯᠠᠯ ᠳᠤ᠂ ᠦᠵᠦᠮᠦᠴᠢᠨ ᠴᠠᠭᠠᠨ ᠮᠣᠷᠢᠨ ᠤ ᠵᠢᠭᠰᠠᠭᠠᠯ ᠬᠡᠶᠢᠮᠦᠷᠢ ᠰᠡᠷᠭᠦᠭᠡᠨ | ᠲᠠᠯᠠᠪᠠᠶ ᠳᠤ ᠣᠷᠣᠵᠤ᠂ ᠲᠤᠰ ᠤᠳᠠᠭᠠᠨ ᠤ ᠮᠥᠰᠥ ᠴᠠᠰᠤᠨ ᠤ ᠨᠠᠶᠢᠷ ᠤᠨ ᠬᠥᠰᠢᠭᠡ ᠶᠢ ᠰᠡᠬᠦᠨ᠂ | ᠤᠯᠠᠭᠠᠨᠮᠥ᠋ᠴᠢᠷ ᠤᠨ ᠲᠣᠭᠯᠠᠭᠴᠢᠳ ᠠᠴᠠ ᠤᠶᠠᠩᠭ᠎ᠠ ᠲᠠᠭᠤᠤ ᠪᠠᠨ ᠡᠷᠬᠦᠵᠦ᠂ ᠡᠪᠦᠯ ᠤᠨ ᠤᠯᠠᠷᠢᠯ ᠤᠨ | ᠬᠤᠪᠴᠠᠰᠤ ᠵᠠᠰᠠᠯ ᠢᠶᠠᠷ ᠭᠤᠶᠤᠭᠰᠠᠨ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠵᠢᠴᠢ | ᠪᠠᠭᠠᠴᠤᠳ ᠬᠡᠦᠬᠡᠳ ᠤᠨ ᠳᠠᠭᠤᠤ ᠪᠥᠵᠢᠭ ᠤᠨ ᠲᠣᠭᠯᠠᠯᠲᠠ ᠶᠢ ᠳᠡᠯᠭᠡᠨ ᠦᠵᠡᠭᠦᠯᠵᠦ᠂ ᠬᠤᠷᠠᠭᠰᠠᠨ ᠤᠯᠠᠨ | ᠵᠣᠴᠢᠳ ᠲᠤ ᠥᠪᠡᠷᠮᠢᠴᠡ ᠣᠨᠴᠠᠯᠢᠭ ᠪᠦᠬᠦᠢ ᠦᠨᠳᠦᠰᠦᠳᠡᠨ ᠤ ᠵᠠᠩ ᠦᠢᠯᠡ ᠂ ᠰᠣᠶᠣᠯ ᠪᠤᠯᠪᠠᠰᠤᠨ᠂ ᠭᠠᠵᠠᠷ | ᠣᠷᠣᠨ ᠤ ᠵᠠᠩ ᠦᠢᠯᠡ ᠶᠢ ᠬᠦᠢᠴᠡᠳ ᠬᠠᠷᠠᠭᠤᠯᠵᠠᠢ᠃ | | | | ᠡᠬᠢᠯᠡᠯᠲᠡ ᠶᠢᠨ ᠶᠣᠰᠣᠯᠠᠯ ᠳᠤ ᠪᠠᠰᠠ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠪᠡᠯᠡ | ᠮᠥᠩᠭᠦ ᠣᠯᠣᠭᠰᠠᠨ ᠠᠵᠤ ᠠᠬᠤᠶᠢᠯᠠᠯ᠂ ᠬᠤᠪᠢ ᠬᠥᠮᠥᠨ ᠵᠢᠴᠢ ᠵᠢᠭᠤᠯᠴᠢᠯᠠᠯ ᠤᠨ ᠪᠡᠯᠡᠭ ᠰᠡᠯᠲᠡ᠂ ᠵᠤᠴᠢᠳ | ᠤᠨ ᠪᠠᠭᠤᠳᠠᠯ᠂ ᠬᠤᠭᠤᠯᠠ ᠤᠮᠳᠠ᠂ ᠣᠬᠤᠷ ᠪᠢᠴᠢᠯᠭᠡ ᠵᠡᠷᠭᠡ ᠲᠠᠪᠤᠨ ᠲᠦᠷᠦᠯ ᠤᠨ ᠠᠵᠢᠯᠯᠠᠭ᠎ᠠ ᠶᠢᠨ ᠱᠠᠩᠨᠠᠯ | ᠣᠯᠭᠤᠬᠤ ᠶᠣᠰᠣᠯᠠᠯ ᠶᠠᠪᠤᠭᠳᠠᠭᠤᠯᠵᠤ᠂ ︽ᠵᠢᠭᠤᠯᠴᠢᠯᠠᠯ ᠤᠨ ᠠᠷᠪᠠᠨ ᠵᠤᠷᠪᠤᠰ︾ ᠤᠨ ᠲᠡᠳᠬᠦᠨ ᠲᠡᠮᠵᠢᠬᠦ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ | | ᠬᠠᠮᠤᠭ ᠤᠨ ᠰᠡᠭᠦᠯ ᠳᠤ᠂ ᠲᠤᠬᠠᠢ ᠶᠢᠨ ᠲᠠᠯᠠᠪᠠᠢ ᠶᠢᠨ ᠬᠥᠮᠥᠰ ᠤᠨ ᠰᠠᠶᠢᠨ ᠰᠠᠶᠢᠬᠠᠨ ᠬᠦᠰᠡᠯ ᠵᠦᠩᠨᠡᠯ ᠤᠨ | ᠳᠤᠮᠳᠠ᠂ ᠦᠭᠡᠲᠡ ᠬᠡᠶᠢᠮᠦᠷᠢ ᠶᠢᠨ ᠪᠡᠯᠭᠡᠳᠡᠯ ᠪᠤᠯᠤᠭᠰᠠᠨ ᠰᠤᠯᠤᠩᠭᠠᠨ ᠦᠩᠭᠡᠲᠦ ᠫᠤᠤᠵᠢᠩ ᠤᠭᠳᠠᠷᠭᠤᠢ ᠳᠤ | ᠲᠡᠭᠳᠡᠨ᠂ 2023 ᠣᠨ ᠤ ︽ᠮᠥᠩᠭᠦᠨ ᠡᠪᠦᠯ ᠤᠨ ᠪᠠᠷᠠᠭᠤᠨ ᠦᠵᠦᠮᠦᠴᠢᠨ ᠂ ᠲᠠᠯ᠎ᠠ ᠨᠤᠲᠤᠭ ᠤᠨ ᠮᠥᠰᠥ | ᠴᠠᠰᠤᠨ ᠤ ᠨᠠᠶᠢᠷ︾ ᠤᠨ ᠰᠢᠷᠢᠰ ᠠᠵᠢᠯᠯᠠᠭ᠎ᠠ ᠤᠳ ᠬᠥᠰᠢᠭᠡ ᠪᠠᠨ ᠰᠡᠬᠦᠯ᠎ᠡ ᠃ | ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠴᠠᠰᠤ ᠮᠦᠰᠦᠨ ᠤ ᠲᠤᠷ᠎ᠠ ᠪᠠᠭ᠋ᠠᠳᠠᠳ ᠪᠤᠯᠤᠨ ᠪᠠᠭᠠᠴᠤᠳ | ᠭᠡᠦᠭᠡᠳ ᠤᠳ ᠴᠠᠨ᠎ᠠ ᠭᠤᠯᠭᠤᠨ᠂ ᠮᠦᠰᠦ ᠲᠡᠰᠢᠨ ᠲᠤᠭᠯᠠᠵᠤ᠂ ᠵᠤᠭᠠᠴᠠᠭᠰᠠᠳ ᠴᠠᠰᠤ ᠮᠦᠰᠦᠨ ᠤ ᠦᠵᠡᠮᠵᠢ | ᠳᠤ ᠵᠢᠷᠤᠭ ᠰᠡᠭᠦᠳᠡᠷ ᠠᠪᠬᠠᠭᠤᠯᠵᠤ᠂ ᠮᠦᠰᠦ ᠴᠠᠰᠤᠨ ᠤ ᠬᠦᠳᠡᠯᠭᠡᠭᠡᠨ ᠤ ᠲᠠᠯᠠᠪᠤᠷ ᠬᠦᠷ ᠬᠦᠭᠵᠢᠶᠡᠨ ᠢᠶᠠᠷ | ᠪᠢᠯᠬᠠᠯ᠎ᠠ᠃ |