365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2023/1/4
        ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠪᠠ                                     12 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ  ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠪᠠ᠃ 28 ᠤ ᠡᠳᠦᠷ ᠤᠨ ᠦᠳᠡ ᠶᠢᠨ ᠬᠤᠶᠢᠨ᠎ᠠ᠂ ᠠᠩᠬᠠᠳᠤᠭᠠᠷ ᠤᠳᠠᠭᠠᠨ ᠤ ᠪᠦᠭᠦᠳᠡ ᠬᠤᠷᠠᠯᠳᠤᠭᠠᠨ ᠬᠤᠷᠠᠯᠳᠤᠵᠤ᠂ ᠣᠷᠤᠯᠴᠠᠬᠤ ᠵᠤᠬᠢᠰᠳᠠᠢ ᠲᠥᠯᠥᠭᠡᠯᠡᠭᠴᠢ 22 ᠬᠥᠮᠥᠨ᠂ ᠪᠤᠳᠠᠳᠠᠢ 19 ᠬᠥᠮᠥᠨ ᠤᠷᠤᠯᠴᠠᠵᠦ ᠬᠠᠤᠯᠢ ᠳᠤ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠭᠰᠡᠨ ᠪᠠᠶᠢᠨ᠎ᠠ᠃ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠵᠦᠪᠯᠡᠯ ᠤᠨ ᠡᠷᠬᠢᠯᠡᠭᠴᠢ ᠨᠠᠷᠠᠨ᠂  ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠳᠤ ᠤᠷᠤᠯᠴᠠᠪᠠ᠃     ᠨᠠᠷᠠᠨ ᠴᠢᠬᠤᠯᠠᠴᠢᠯᠠᠬᠤ ᠳᠠᠭᠠᠨ᠂ ᠨᠢᠭᠡ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠰᠤᠷᠤᠯᠴᠠᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠬᠦ ᠬᠡᠷᠡᠭᠳᠡᠢ᠃ ᠭᠤᠷᠪᠠ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠢ ᠡᠵᠡᠮᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠵᠢᠬᠤ ᠣᠷᠣᠨ ᠤ ᠣᠳᠣᠬᠢᠴᠢᠯᠠᠯᠲᠠ ᠳᠤ ᠦᠢᠯᠡᠴᠢᠯᠡᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠡᠵᠡᠩᠨᠡᠯᠲᠡ ᠶᠢᠨ ᠬᠡᠪᠴᠢᠶ᠎ᠡ ᠪᠠ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠦ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃     ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠠᠵᠢᠯ ᠤᠨ ᠮᠡᠳᠡᠭᠦᠯᠦᠯᠲᠡ᠂ ᠬᠢᠨᠠᠭᠴᠢᠳ ᠤᠨ ᠵᠦᠪᠯᠡᠯ ᠤᠨ ᠠᠵᠢᠯ ᠤᠨ ᠮᠡᠳᠡᠭᠦᠯᠦᠯᠳᠡ᠂ ᠡᠳ᠋ ᠤᠨ ᠶᠠᠪᠤᠳᠠᠯ ᠤᠨ ᠮᠡᠳᠡᠭᠦᠯᠦᠯᠲᠡ ᠪᠠ ︽ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠳᠦᠷᠢᠮ︾ ᠢ ᠬᠢᠨᠠᠨ ᠪᠠᠳᠤᠯᠠᠪᠠ᠃     ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠲᠠᠪᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠠᠴᠠ ᠨᠠᠰᠢ ᠨᠢᠭᠡᠨᠲᠡ 36 ᠵᠢᠯ ᠪᠣᠯᠵᠤ᠂ ᠣᠯᠠᠨ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠢᠯᠣᠭᠤᠳᠤᠯᠭ᠎ᠠ ᠳᠣᠣᠷ᠎ᠠ᠂ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ︽ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠦᠢᠯᠡᠴᠢᠯᠡᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ︽ᠰᠢᠨ᠎ᠡ ᠰᠦᠯᠵᠢᠶᠡᠨ ᠢᠨᠵᠧᠨᠧᠷᠢᠩ︾ ᠤᠨ ᠪᠠᠶᠢᠭᠤᠯᠤᠯᠲᠠ ᠶᠢ ᠠᠬᠢᠭᠤᠯᠵᠤ᠂ ᠢᠯᠠᠩᠭᠤᠶ᠎ᠠ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠠᠶᠢᠭᠤᠯᠤᠯᠲᠠ᠂ ︽ᠬᠤᠶᠠᠷ ᠵᠠᠬ᠎ᠠ ᠳᠡᠯᠭᠡᠭᠦᠷ︾ ᠤᠨ ᠪᠠᠶᠢᠭᠤᠯᠤᠯᠲᠠ᠂ ᠨᠡᠭᠡᠭᠡᠯᠳᠡ ᠲᠠᠢ ᠪᠠᠷ ᠬᠤᠷᠰᠢᠶ᠎ᠠ ᠡᠷᠭᠢᠯᠡᠬᠦ ᠵᠡᠷᠭᠡ ᠲᠠᠯ᠎ᠠ ᠪᠠᠷ ᠲᠤᠪᠤᠶᠢᠮ᠎ᠠ ᠦᠷ᠎ᠡ ᠪᠦᠳᠦᠮᠵᠢ ᠤᠯᠤᠭᠰᠠᠨ ᠪᠠᠶᠢᠨ᠎ᠠ᠃  ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠪᠤᠯᠤᠨ ᠰᠢᠨ᠎ᠡ ᠨᠢᠭᠡ ᠬᠤᠭᠤᠴᠠᠭᠠᠨ ᠤ ᠬᠢᠨᠠᠭᠴᠢᠳ ᠤᠨ ᠵᠥᠪᠯᠡᠯ ᠢ ᠰᠣᠩᠭᠤᠨ ᠭᠠᠷᠭᠠᠵᠦ᠂ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠪᠠ ᠰᠢᠨ᠎ᠡ ᠨᠢᠭᠡ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠡᠷᠬᠢᠯᠡᠭᠴᠢ ᠶᠢ ᠰᠣᠩᠭᠤᠨ ᠭᠠᠷᠭᠠᠪᠠ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号