365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠶᠣᠣ ᠬᠤᠩ ᠭᠠᠩ ᠭᠠᠯ ᠰᠡᠷᠭᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠬᠤ ᠶᠢᠨ ᠬᠠᠮᠲᠤ ᠭᠠᠯ ᠤᠨᠲᠠᠷᠠᠭᠠᠬᠤ ᠠᠵᠢᠯ ᠢ  ᠪᠠᠶᠢᠴᠠᠭᠠᠨ ᠵᠢᠯᠣᠭᠤᠳᠪᠠ
        ᠨᠡᠶᠢᠲᠡᠯᠡᠭᠰᠡᠨ ᠴᠠᠭ᠄
        2023/1/4
          ᠶᠣᠣ ᠬᠤᠩ ᠭᠠᠩ ᠭᠠᠯ ᠰᠡᠷᠭᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠬᠤ ᠶᠢᠨ ᠬᠠᠮᠲᠤ ᠭᠠᠯ ᠤᠨᠲᠠᠷᠠᠭᠠᠬᠤ ᠠᠵᠢᠯ ᠢ  ᠪᠠᠶᠢᠴᠠᠭᠠᠨ ᠵᠢᠯᠣᠭᠤᠳᠪᠠ                                  1 ᠰᠠᠷ᠎ᠠ ᠶᠢᠨ 1 ᠤ ᠦᠳᠡ ᠶᠢᠨ ᠡᠮᠦᠨ᠎ᠡ᠂  ᠪᠠᠷᠠᠭᠤᠨ  ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ  ᠬᠤᠰᠢᠭᠤ ᠭᠠᠯ ᠰᠡᠷᠭᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠳᠤ ᠭᠦᠨᠵᠡᠭᠡᠶᠢᠷᠡᠵᠦ᠂ ᠪᠦᠭᠦ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠭᠠᠯ ᠤᠨᠲᠠᠷᠠᠭᠠᠬᠤ ᠠᠵᠢᠯ ᠢ  ᠪᠠᠶᠢᠴᠠᠭᠠᠨ ᠵᠢᠯᠣᠭᠤᠳᠪᠠ᠃     ᠶᠣᠣ ᠬᠤᠩ ᠭᠠᠩ ᠭᠠᠯ ᠰᠡᠷᠭᠡᠶᠢᠯᠡᠬᠦ ᠠᠪᠤᠷᠠᠨ ᠲᠤᠰᠠᠯᠠᠬᠤ  ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠶᠠᠷᠢᠯᠴᠠᠵᠤ᠂ ᠭᠠᠯ ᠲᠦᠢᠮᠡᠷ ᠤᠨ ᠪᠠᠶᠢᠳᠠᠯ ᠢ ᠬᠢᠨᠠᠨ ᠡᠵᠡᠮᠳᠡᠬᠦ ᠲᠠᠪᠴᠠᠩ ᠤᠨ ᠠᠵᠢᠯᠯᠠᠭ᠎ᠠ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡᠨ ᠤ ᠵᠢᠵᠢᠬᠦᠷ ᠤᠨ ᠪᠠᠶᠢᠳᠠᠯ᠂ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠲᠡᠳᠡᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃      ᠶᠣᠣ ᠬᠤᠩ ᠭᠠᠩ  ᠵᠢᠭᠠᠬᠤ ᠳᠠᠭᠠᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠪᠣᠯ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠳᠠᠭ᠃ ᠣᠯᠠᠨ ᠵᠢᠯ ᠤᠨ ᠲᠤᠷᠰᠢ᠂ ᠭᠠᠯ ᠰᠡᠷᠭᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠦᠴᠢᠷ ᠠᠴᠠ ᠠᠶᠤᠬᠤ ᠦᠭᠡᠢ᠂  ᠰᠢᠨᠳᠠᠷᠠᠰᠢ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠷᠠᠮ ᠦᠭᠡᠢ ᠵᠢᠳᠬᠦᠵᠦ᠂ ᠢᠮᠠᠭᠲᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠡᠮᠦᠨ᠎ᠡ ᠹᠷᠣᠨᠲ ᠲᠤ ᠰᠢᠭᠤᠷᠬᠠᠶᠢᠯᠠᠨ ᠪᠠᠶᠢᠯᠳᠤᠵᠤ᠂ ᠡᠯ᠎ᠡ ᠵᠦᠢᠯ ᠤᠨ ᠡᠭᠦᠷᠭᠡ ᠪᠠᠨ ᠮᠠᠰᠢ ᠠᠮᠵᠢᠯᠲᠠ ᠲᠠᠢ ᠪᠡᠶᠡᠯᠡᠭᠦᠯᠵᠡᠢ᠃ ᠭᠠᠯ  ᠰᠡᠷᠭᠡᠶᠢᠯᠡᠬᠦ ᠠᠪᠤᠷᠠᠨ ᠲᠤᠰᠠᠯᠠᠬᠤ ᠡᠩᠨᠡᠭᠡ ᠶᠢᠨ ᠬᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠷᠳᠡᠮ ᠴᠢᠳᠠᠪᠤᠷᠢ ᠪᠠᠨ ᠰᠢᠷᠭᠠᠭᠤ ᠪᠣᠯᠪᠠᠰᠤᠷᠠᠭᠤᠯᠵᠤ᠂ ᠭᠤᠣᠯᠳᠠᠯᠭ᠎ᠠ ᠲᠠᠢ ᠲᠠᠯᠠᠪᠤᠷ ᠤᠨ ᠭᠠᠯ ᠤᠨᠲᠠᠷᠠᠭᠠᠬᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠪᠠ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ ᠲᠦᠮᠡᠨ ᠤ ᠠᠮᠤᠷ  ᠮᠡᠨᠲᠤ ᠠᠵᠤ ᠲᠦᠷᠦᠭᠦ ᠳᠤ ᠪᠠᠳᠤ ᠪᠠᠬᠢ ᠠᠮᠤᠷ ᠲᠦᠪᠰᠢᠨ ᠤ  ᠪᠠᠳᠤᠯᠠᠭ᠎ᠠ ᠬᠠᠩᠭᠠᠵᠤ ᠦᠭᠭᠦ ᠶᠢ  ᠬᠦᠰᠡᠵᠦ ᠪᠠᠶᠢᠨ᠎ᠠ ᠭᠡᠵᠠᠢ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号