ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠤ ᠪᠡᠯᠡᠳᠭᠡᠯ ᠬᠤᠷᠠᠯ ᠬᠤᠷᠠᠯᠳᠣᠪᠠ | | 12 ᠰᠠᠷ᠎ᠠ ᠶᠢᠨ 26 ᠤ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ | ᠤ ᠪᠡᠯᠡᠳᠭᠡᠯ ᠬᠤᠷᠠᠯ ᠬᠤᠷᠠᠯᠳᠣᠵᠤ᠂ ᠬᠠᠮᠢᠶᠠᠲᠠᠢ ᠵᠦᠢᠯ ᠢ ᠪᠠᠲᠤᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ ᠬᠤᠷᠠᠯ | ᠡᠷᠬᠢᠯᠡᠪᠡ᠃ | ᠬᠤᠷᠠᠯ ᠳᠤ ᠣᠷᠣᠯᠴᠠᠪᠠᠰᠣ ᠵᠣᠬᠢᠬᠤ 154 ᠨᠡᠷ᠎ᠡ ᠲᠥᠯᠦᠭᠡᠯᠡᠭᠴᠢ᠂ ᠬᠤᠷᠠᠯ ᠳᠤ ᠪᠤᠲᠠᠲᠠᠢ ᠣᠷᠣᠯᠴᠠᠭᠰᠠᠨ ᠨᠢ | 120 ᠨᠡᠷ᠎ᠡ ᠲᠥᠯᠦᠭᠡᠯᠡᠭᠴᠢ᠂ ᠬᠠᠤᠯᠢ ᠳᠤ ᠲᠤᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃ | ᠮᠥᠩᠭᠦᠨᠱᠠ ᠵᠢᠭᠠᠬᠤ ᠳᠠᠭᠠᠨ᠂ ᠲᠣᠰ ᠤᠳᠠᠭᠠᠨ ᠤ ᠬᠤᠷᠠᠯ ᠨᠢ ᠪᠥᠬᠦ ᠬᠤᠰᠢᠭᠤ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠰᠢᠷᠠᠮ ᠳᠤ | ᠬᠤᠷᠠᠯᠳᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠪᠣᠯᠣᠨ᠎ᠠ᠃ ᠶᠡᠭᠡ ᠬᠤᠷᠠᠯ ᠤᠨ ᠴᠢᠬᠤᠯᠠ | ᠵᠥᠪᠯᠡᠬᠦ ᠰᠡᠳᠦᠪ ᠪᠣᠯ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢ ᠪᠣᠯᠣᠨ ᠬᠤᠰᠢᠭᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢ | ᠬᠠᠤᠯᠢ ᠶᠣᠰᠣᠭᠠᠷ ᠰᠣᠩᠭᠤᠬᠤ ᠶᠠᠪᠤᠳᠠᠯ ᠪᠠᠶᠢᠵᠤ᠂ ᠡᠨᠡ ᠨᠢ ᠪᠦᠭᠦ ᠬᠤᠰᠢᠭᠤᠨ ᠤ ᠠᠷᠠᠳ ᠲᠦᠮᠡᠨ ᠤ ᠤᠯᠤᠰ | ᠲᠦᠷᠦ ᠶᠢᠨ ᠠᠮᠢᠳᠤᠷᠠᠯ ᠳᠠᠬᠢ ᠶᠡᠭᠡ ᠶᠠᠪᠤᠳᠠᠯ ᠪᠦᠭᠡᠳ ᠨᠡᠶᠢᠭᠡᠮ ᠵᠢᠷᠣᠮᠳᠣ ᠠᠷᠠᠳᠴᠢᠯᠠᠭᠰᠠᠨ ᠤᠯᠤᠰ ᠲᠦᠷᠦ ᠶᠢᠨ | ᠨᠢᠭᠡ ᠤᠳᠠᠭᠠᠨ ᠤ ᠴᠢᠬᠤᠯᠠ ᠦᠢᠯᠡᠳᠦᠯᠭᠡ ᠮᠥᠨ᠃ ᠪᠥᠬᠦ ᠲᠥᠯᠥᠭᠡᠯᠡᠭᠴᠢᠳ ᠨᠢ ᠳᠡᠭᠡᠳᠦ ᠬᠡᠮᠵᠢᠶᠡᠨ ᠤ ᠤᠯᠤᠰ | ᠲᠦᠷᠦ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠵᠥᠪᠯᠡᠬᠦ ᠵᠦᠢᠯ ᠢ ᠨᠠᠷᠢᠨ ᠬᠢᠨᠠᠮᠠᠭᠠᠢ | ᠬᠢᠨᠠᠨ ᠶᠠᠷᠢᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ | ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠲᠤᠰ ᠤᠳᠠᠭᠠᠨ ᠤ ᠬᠤᠷᠠᠯᠳᠤᠭᠠᠨ ᠢ ᠦᠵᠡᠯ ᠰᠠᠨᠠᠭ᠎ᠠ ᠪᠠᠨ ᠨᠢᠭᠡᠳᠭᠡᠨ᠂ | ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠬᠠᠮᠲᠤᠳᠬᠠᠨ᠂ ᠠᠷᠠᠳᠴᠢᠯᠠᠯ ᠢ ᠪᠠᠳᠠᠷᠠᠭᠤᠯᠵᠤ᠂ ᠣᠪᠣᠷ ᠲᠥᠪ | ᠰᠤᠷᠲᠠᠯ ᠴᠢᠬᠡᠴᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ | ᠪᠣᠯᠭᠠᠨ ᠬᠤᠷᠠᠯᠳᠤᠭᠤᠯᠬᠤ ᠶᠢ ᠬᠦᠰᠡᠵᠦ ᠪᠠᠶᠢᠨ᠎ᠠ ᠭᠡᠪᠡ᠃ | ᠮᠦᠩᠭᠦᠨᠱᠠ ᠴᠢᠬᠤᠯᠠᠴᠢᠯᠠᠬᠤ ᠳᠠᠭᠠᠨ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠰᠣᠩᠭᠤᠭᠤᠯᠢ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢᠳ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠣᠨ ᠶᠡᠭᠡ | ᠬᠤᠷᠠᠯ ᠤᠨ ᠲᠦᠷ ᠴᠠᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠺᠠᠳ᠋ᠷ ᠤᠨ ᠱᠤᠭᠤᠮ᠂ | ᠺᠠᠳ᠋ᠷ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠳᠤ | ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠢᠷᠤᠮᠯᠠᠨ᠂ ᠰᠣᠩᠭᠤᠭᠤᠯᠢ ᠶᠢᠨ ᠡᠷᠬᠡ ᠪᠠᠨ ᠬᠠᠤᠯᠢ ᠶᠣᠰᠣᠭᠠᠷ | ᠬᠡᠷᠡᠭᠵᠢᠭᠦᠯᠵᠦ᠂ ᠪᠥᠬᠦ ᠣᠷᠣᠨ ᠪᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ | ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠲᠥᠪ ᠭᠤᠣᠯᠴᠢ ᠪᠠᠷ ᠫᠢᠶᠤᠤ ᠥᠭᠴᠦ᠂ ᠤᠯᠤᠰ ᠲᠥᠷᠥ ᠶᠢᠨ | ᠲᠠᠯ᠎ᠠ ᠪᠠᠷ ᠰᠠᠬᠢᠯᠭ᠎ᠠ ᠪᠠᠲᠤ ᠴᠢᠩᠭ᠎ᠠ᠂ ᠦᠵᠡᠯ ᠰᠠᠨᠠᠭ᠎ᠠ ᠪᠠᠨ ᠴᠢᠯᠦᠭᠡᠯᠡᠵᠦ᠂ ᠠᠷᠢᠭᠤᠨ ᠴᠢᠬᠡᠴᠢ ᠪᠣᠳᠠᠲᠠᠢ ᠶᠢ | ᠡᠷᠬᠢᠮᠯᠡᠳᠡᠭ ᠲᠥᠯᠥᠭᠡᠯᠡᠭᠴᠢ ᠪᠠ ᠭᠡᠰᠢᠭᠦᠨ ᠢ ᠰᠣᠩᠭᠤᠨ ᠭᠠᠷᠭᠠᠬᠤ ᠬᠡᠷᠡᠭᠲᠡᠢ᠃ | ᠬᠤᠶᠠᠷ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠦᠶᠯᠡ ᠠᠵᠢᠯᠯᠠᠭ᠎ᠠ ᠪᠠᠨ | ᠶᠡᠷᠦᠩᠬᠡᠶᠢᠯᠡᠨ ᠵᠢᠯᠤᠭᠤᠳᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠬᠤᠰᠢᠭᠤᠨ ᠤ | ᠬᠥᠭᠵᠢᠯᠲᠡ ᠶᠢ ᠠᠬᠢᠭᠤᠯᠬᠤ ᠡᠯ᠎ᠡ ᠲᠠᠯ᠎ᠠ ᠶᠢᠨ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ | ᠤᠳᠤᠷᠢᠳᠤᠯᠭ᠎ᠠ ᠳᠣᠣᠷ᠎ᠠ᠂ ︽ᠦᠨᠳᠦᠰᠦᠨ ᠬᠠᠤᠯᠢ︾ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ | ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ᠃ ᠰᠠᠨᠠᠯ ᠲᠤᠷᠠᠳᠣᠯᠭ᠎ᠠ ᠶᠢ ᠢᠳᠡᠪᠬᠢᠲᠡᠢ ᠪᠠᠷ ᠰᠦᠪᠡᠭᠴᠢᠯᠡᠵᠦ᠂ | ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠳᠤ ᠭᠦᠨᠵᠡᠭᠡᠶᠢᠷᠡᠨ᠂ | ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠦ᠂ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠶᠡᠭᠡ ᠬᠤᠷᠠᠯ ᠤᠨ ᠰᠤᠷᠲᠠᠯ ᠴᠢᠬᠡᠴᠢ ᠣᠪᠣᠷ | ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠢ ᠥᠪᠡᠷ ᠤᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠤᠰ ᠲᠥᠯᠥᠭᠡᠯᠡᠭᠴᠢᠳ ᠤᠨ | ᠪᠦᠯᠬᠦᠮ ᠤᠨ ᠢᠶᠠᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠳᠴᠢᠯᠠᠯ ᠲᠥᠪᠯᠡᠷᠡᠯ ᠤᠨ | ᠶᠣᠰᠣᠨ ᠤ ᠵᠠᠷᠴᠢᠮ ᠢ ᠪᠠᠷᠢᠮᠲᠠᠯᠠᠵᠤ᠂ ᠲᠥᠯᠥᠭᠡᠯᠡᠭᠴᠢᠳ ᠤᠨ ᠠᠷᠠᠳᠴᠢᠯᠠᠯ ᠤᠨ ᠡᠷᠬᠡ ᠶᠢ ᠭᠦᠢᠴᠡᠳ ᠬᠦᠨᠳᠦᠳᠬᠡᠵᠦ | ᠂ ᠲᠥᠯᠥᠭᠡᠯᠡᠭᠴᠢᠳ ᠤᠨ ᠰᠠᠨᠠᠯ ᠢᠶᠠᠨ ᠢᠯᠡᠳᠬᠡᠬᠦ ᠶᠢ ᠦᠨᠡᠨᠬᠦ ᠳᠡᠮᠵᠢᠵᠦ᠂ ᠬᠤᠯᠪᠣᠭᠳᠠᠯ ᠪᠦᠬᠦᠢ ᠠᠵᠢᠯ ᠢ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠰᠣᠩᠭᠤᠭᠤᠯᠢ ᠶᠢᠨ ᠠᠵᠢᠯ ᠤᠨ ᠰᠤᠷᠲᠠᠯ ᠴᠢᠬᠡᠴᠢ | ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ᠲᠥᠯᠥᠭᠡᠯᠡᠭᠴᠢᠳ ᠤᠯᠤᠰ ᠲᠦᠷᠦ ᠶᠢᠨ ᠬᠤᠷᠴᠠ ᠰᠡᠷᠭᠡᠭ | ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠨ᠂ | ᠲᠤᠰᠢᠶᠠᠯ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠤᠬᠠᠮᠰᠠᠷ ᠠᠴᠠ ᠪᠠᠨ ᠲᠠᠭᠠᠵᠤ᠂ ᠬᠤᠷᠠᠯ ᠤᠨ ᠡᠯ᠎ᠡ ᠵᠦᠢᠯ ᠤᠨ ᠳᠦᠷᠢᠮ ᠢ ᠵᠢᠷᠤᠮᠯᠠᠨ ᠰᠠᠬᠢᠵᠤ᠂ | ᠶᠡᠭᠡ ᠬᠤᠷᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶ ᠢ | ᠪᠠᠲᠤᠯᠠᠵᠤ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠪᠠ | ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ | ᠬᠤᠷᠠᠯ ᠳᠤ᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠣᠭᠠᠨ ᠤ ᠬᠤᠭᠤᠴᠠᠭᠠᠨ ᠳᠠᠬᠢ ᠲᠦᠷ ᠴᠠᠭ ᠤᠨ | ᠨᠠᠮ ᠤᠨ ᠬᠤᠷᠢᠶ᠎ᠠ ᠶᠢ ᠪᠠᠶᠢᠭᠤᠯᠬᠤ ᠲᠤᠬᠠᠢ ᠮᠡᠳᠡᠭᠳᠡᠯ︾ ᠢ ᠨᠡᠶᠢᠲᠡᠯᠡᠵᠡᠢ᠃ |