365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽  ᠡᠷᠦᠬᠡ ᠬᠡᠷ ᠢᠶᠠᠨ ᠬᠠᠶᠢᠷ᠎ᠠ  ᠪᠠᠷ ᠲᠤᠯᠠᠭᠠᠴᠠᠭᠤᠯᠵᠤ ᠦᠰᠪᠦᠷᠢ ᠶᠢᠨ ᠬᠡᠦᠬᠡᠳ ᠢ ᠬᠠᠯᠠᠮᠵᠢᠯᠠᠨ ᠬᠦᠮᠦᠵᠢᠬᠦᠯᠬᠦ︾  2023 ᠣᠨ ᠤ ︽ᠴᠣᠮᠣᠷᠯᠢᠭ ᠲᠥᠯᠥᠪᠯᠡᠭᠡ︾ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠲᠠᠷᠬᠠᠭᠠᠬᠤ  ᠶᠣᠰᠣᠯᠠᠯ ᠶᠠᠪᠤᠭᠳᠠᠭᠤᠯᠪᠠ
        ᠨᠡᠶᠢᠲᠡᠯᠡᠭᠰᠡᠨ ᠴᠠᠭ᠄
        2023/2/13
        ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ ᠡᠷᠦᠬᠡ ᠬᠡᠷ ᠢᠶᠠᠨ ᠬᠠᠶᠢᠷ᠎ᠠ   ᠪᠠᠷ ᠲᠤᠯᠠᠭᠠᠴᠠᠭᠤᠯᠵᠤ ᠦᠰᠪᠦᠷᠢ ᠶᠢᠨ ᠬᠡᠦᠬᠡᠳ ᠢ ᠬᠠᠯᠠᠮᠵᠢᠯᠠᠨ ᠬᠦᠮᠦᠵᠢᠬᠦᠯᠬᠦ︾  2023 ᠣᠨ ᠤ ︽ᠴᠣᠮᠣᠷᠯᠢᠭ ᠲᠥᠯᠥᠪᠯᠡᠭᠡ︾ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠲᠠᠷᠬᠠᠭᠠᠬᠤ  ᠶᠣᠰᠣᠯᠠᠯ ᠶᠠᠪᠤᠭᠳᠠᠭᠤᠯᠪᠠ                                          2 ᠰᠠᠷ᠎ᠠ ᠶᠢᠨ 1 ᠤ ᠡᠳᠦᠷ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ ᠡᠷᠦᠬᠡ ᠬᠡᠷ ᠢᠶᠠᠨ ᠬᠠᠶᠢᠷ᠎ᠠ   ᠪᠠᠷ ᠲᠤᠯᠠᠭᠠᠴᠠᠭᠤᠯᠵᠤ ᠦᠰᠪᠦᠷᠢ  ᠶᠢᠨ ᠬᠡᠦᠬᠡᠳ ᠢ ᠬᠠᠯᠠᠮᠵᠢᠯᠠᠨ ᠬᠦᠮᠦᠵᠢᠬᠦᠯᠬᠦ︾ 2023 ᠣᠨ ᠤ ︽ᠴᠣᠮᠣᠷᠯᠢᠭ ᠲᠥᠯᠥᠪᠯᠡᠭᠡ︾ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠲᠠᠷᠬᠠᠭᠠᠬᠤ ᠶᠣᠰᠣᠯᠠᠯ ᠪᠠᠷᠠᠭᠤᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ  ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠠᠶᠢᠮᠠᠭ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠲᠡᠳ᠋ ᠲᠡᠷᠢᠭᠦᠯᠡᠭᠴᠢ ᠰᠢᠯᠢᠡᠭᠤᠸ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠭᠡᠷ ᠪᠦᠯᠢ ᠪᠠ ᠬᠡᠦᠬᠡᠳ ᠤᠨ ᠠᠵᠢᠯ ᠤᠨ ᠬᠡᠯᠲᠡᠰ ᠤᠨ ᠳᠠᠷᠤᠭ᠎ᠠ ᠵᠧᠦ ᠸᠧᠢ ᠬᠤᠸᠠ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠦ᠋  ᠵᠦ  ᠶᠣᠰᠣᠯᠠᠯ ᠳᠤ ᠣᠷᠣᠯᠴᠠᠵᠤ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠶᠡᠷᠦᠩᠭᠡᠶᠢᠯᠡᠭᠰᠡᠨ ᠲᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠ ᠲᠤᠰᠠᠯᠠᠮᠵᠢ ᠭᠥᠷᠳᠡᠭᠰᠡᠨ ᠰᠤᠷᠤᠭᠴᠢᠳ  ᠶᠣᠰᠣᠯᠠᠯ ᠳᠤ ᠣᠷᠣᠯᠴᠠᠵᠠᠢ᠃   ᠶᠣᠰᠣᠯᠠᠯ   ᠳᠤ  ᠂ ᠲᠤᠰᠠᠯᠠᠮᠵᠢ ᠭᠥᠷᠳᠡᠭᠰᠡᠨ  ᠶᠡᠷᠦᠩᠭᠡᠶᠢᠯᠡᠭᠰᠡᠨ ᠲᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ 12  ᠨᠡᠷ᠎ᠡ‌ᠡᠮᠡᠭᠲᠡᠢ ᠰᠣᠷᠣᠭᠴᠢ ᠳᠤ ᠨᠡᠶᠢᠲᠡ 43200 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠤ᠂ ᠬᠥᠮᠥᠨ ᠪᠦᠷᠢ ᠭᠤᠷᠪᠠᠨ ᠵᠢᠯ ᠳᠤ ᠨᠡᠶᠢᠲᠡ 3600 ᠲᠥᠭᠦᠷᠢᠭ ᠤᠨ ᠲᠤᠰᠠᠯᠠᠮᠵᠢ ᠭᠥᠷᠳᠡᠪᠡ᠃   ᠦ᠋ ᠵᠦ ᠶᠠᠷᠢᠶᠠᠨ ᠳᠠᠭᠠᠨ ᠠᠶᠢᠮᠠᠭ ᠤᠨ ᠡᠮᠡᠭᠲᠡᠶᠢᠴᠦᠳ ᠤᠨ  ᠬᠤᠯᠪᠤᠭᠠᠲᠤ ᠬᠤᠷᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠥᠷᠭᠡᠨ ᠤᠯᠠᠨ ᠲᠤᠰᠠᠯᠠᠮᠵᠢ ᠭᠥᠷᠳᠡᠭᠰᠡᠨ ᠰᠤᠷᠤᠭᠴᠢᠳ ᠲᠤ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃   ᠲᠡᠷᠡ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠨᠢ ᠮᠠᠨ ᠤ ᠬᠤᠰᠢᠭᠤᠨ ᠤ ᠬᠡᠦᠬᠡᠳ ᠤᠨ ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠶᠢ ᠠᠬᠢᠭᠤᠯᠵᠤ᠂ ᠬᠡᠰᠡᠭ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠬᠡᠦᠬᠡᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠥᠬᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠬᠠᠮᠠᠭᠠᠯᠠᠵᠤ᠂ ᠡᠮᠡᠭᠲᠡᠶᠢᠴᠦᠳ ᠤᠨ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠲᠤᠰᠠᠯᠠᠮᠵᠢ ᠭᠥᠷᠳᠡᠭᠰᠡᠨ ᠰᠤᠷᠤᠭᠴᠢᠳ ᠦᠷᠭᠦᠯᠵᠢ ᠠᠴᠢ ᠬᠠᠷᠢᠭᠤᠯᠬᠤ ᠰᠡᠳᠬᠢᠯ  ᠢ ᠡᠪᠦᠷᠯᠡᠨ᠂ ᠬᠠᠶᠢᠷ᠎ᠠ ᠬᠠᠯᠠᠮᠵᠢ ᠪᠠᠷ ᠳᠠᠭᠤᠷᠢᠶᠠᠯ ᠪᠣᠯᠭᠠᠵᠤ᠂ ᠦᠨᠡᠨᠴᠢ ᠢᠲᠡᠭᠡᠮᠵᠢᠲᠡᠢ᠂ ᠬᠠᠷᠠᠮ ᠦᠭᠡᠢ ᠵᠢᠳᠬᠦᠬᠦ  ᠣᠶᠤᠨ ᠰᠠᠨᠠᠭ᠎ᠠ ᠪᠠ ᠵᠠᠩ ᠰᠤᠷᠲᠠᠯ  ᠢ ᠢᠳᠡᠪᠬᠢᠲᠡᠢ ᠪᠠᠷ ᠬᠥᠮᠥᠵᠢᠭᠦᠯᠵᠦ᠂  ᠤᠷᠬᠢᠯᠤᠮ᠎ᠠ ᠬᠠᠯᠠᠭᠤᠨ ᠰᠡᠳᠬᠢᠯᠭᠡ ᠪᠠᠷ ᠨᠠᠮ᠂ ᠤᠯᠤᠰ ᠣᠷᠣᠨ᠂ ᠨᠡᠶᠢᠭᠡᠮ ᠨᠡᠶᠢᠲᠡ ᠳᠤ ᠠᠴᠢ ᠬᠠᠷᠢᠭᠤᠯᠠᠵᠤ᠂ ᠥᠪᠡᠷ  ᠢ ᠪᠠᠨ ᠬᠠᠯᠠᠮᠵᠢᠯᠠᠨ ᠬᠠᠪᠰᠤᠷᠴᠤ ᠥᠩᠭᠡᠷᠡᠭᠰᠡᠨ ᠬᠥᠮᠥᠨ ᠨᠢᠭᠡᠪᠦᠷᠢ ᠳᠤ ᠠᠴᠢ ᠬᠠᠷᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ᠂  ᠰᠤᠷᠤᠯᠴᠠᠯᠭ᠎ᠠ ᠶᠢᠨ ᠠᠵᠠ ᠲᠣᠬᠢᠶᠠᠯ ᠢ ᠨᠠᠨᠳᠢᠩᠨᠠᠵᠤ᠂ ᠰᠢᠷᠭᠠᠭᠤ ᠬᠠᠳᠠᠭᠤᠵᠢᠯᠲᠠᠢ ᠰᠤᠷᠤᠯᠴᠠᠨ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂  ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠤᠯᠤᠰ ᠣᠷᠣᠨ ᠪᠤᠯᠤᠨ ᠨᠤᠲᠤᠭ  ᠣᠰᠣᠨ ᠳᠤ ᠪᠠᠨ ᠬᠦᠴᠦ ᠨᠡᠮᠡᠷᠢᠯᠡᠬᠦ ᠭᠡᠷᠡᠭᠲᠠᠢ ᠬᠡᠵᠠᠢ᠃    ᠣᠶᠢᠯᠠᠭᠠᠭᠰᠠᠨ ᠢᠶᠠᠷ᠂ 1989 ᠣᠨ ᠳᠤ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠨᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠥᠬᠢᠳ ᠤᠨ ᠰᠤᠷᠭᠠᠨ ᠬᠥᠮᠦᠵᠢᠯ ᠭᠥᠷᠳᠡᠭᠰᠡᠨ ᠪᠠᠶᠢᠳᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠬᠤ ︽ᠴᠤᠮᠤᠷᠯᠢᠭ ᠲᠥᠯᠥᠪᠯᠡᠭᠡ︾ ᠶᠢᠨ ᠨᠡᠶᠢᠲᠡ ᠶᠢᠨ ᠠᠰᠠᠷᠠᠮᠵᠢ ᠶᠢᠨ ᠵᠦᠢᠯᠡᠰ ᠢ ᠡᠭᠦᠰᠬᠡᠨ ᠬᠡᠷᠡᠭᠵᠢᠭᠦᠯᠪᠡ᠃ ᠣᠷᠳᠣ ᠬᠤᠭᠤᠴᠠᠭᠠᠨ ᠤ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠰᠢ᠂ ᠨᠠᠮ ᠪᠠ ᠵᠠᠰᠠᠭ ᠤᠨ ᠣᠷᠳᠣᠨ ᠤ ᠴᠢᠬᠤᠯᠠᠴᠢᠯᠠᠭ᠎ᠠ ᠬᠠᠯᠠᠮᠵᠢᠯᠠᠯ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠲᠡᠢ ᠣᠷᠣᠯᠴᠠᠭ᠎ᠠ ᠪᠠ ᠬᠠᠷᠠᠮ ᠦᠭᠡᠢ ᠲᠤᠰᠠᠯᠠᠮᠵᠢ ᠳᠣᠣᠷ᠎ᠠ᠂ ︽ᠴᠣᠮᠣᠷᠯᠢᠭ ᠲᠥᠯᠥᠪᠯᠡᠭᠡ︾ ᠨᠢ  ᠦᠬᠢᠳ ᠤᠨ ᠰᠤᠷᠭᠠᠨ ᠬᠥᠮᠦᠵᠢᠯ᠂ ᠦᠬᠢᠳ ᠤᠨ ᠠᠮᠤᠷ ᠲᠦᠪᠰᠢᠨ᠂ ᠦᠬᠢᠳ ᠤᠨ ᠡᠷᠡᠭᠦᠯ ᠮᠡᠨᠳᠦ ᠵᠡᠷᠭᠡ ᠶᠢᠨ ᠲᠣᠭᠤᠷᠢᠨ ᠳᠤ ᠣᠯᠠᠨ ᠵᠦᠢᠯ ᠤᠨ ᠬᠡᠯᠪᠡᠷᠢ ᠶᠢᠨ ᠬᠠᠯᠠᠮᠵᠢᠯᠠᠨ ᠲᠡᠳᠬᠦᠬᠦ ᠠᠵᠢᠯ  ᠢ ᠥᠷᠨᠢᠭᠦᠯᠵᠦ᠂ ᠦᠯᠡᠮᠵᠢ ᠣᠯᠠᠨ ᠦᠬᠢᠳ ᠤᠨ ᠰᠤᠷᠤᠯᠴᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠪᠡ᠃   2019 ᠣᠨ ᠤ 9 ᠰᠠᠷ᠎ᠠ ᠳᠤ᠂ ︽ᠴᠣᠮᠣᠷᠯᠢᠭ  ᠲᠥᠯᠥᠪᠯᠡᠭᠡ︾ ᠨᠢ ᠥᠬᠢᠳ ᠤᠨ ᠰᠤᠷᠭᠠᠨ ᠬᠥᠮᠦᠵᠢᠯ ᠢ ᠠᠬᠢᠭᠤᠯᠬᠤ ᠣᠨᠴᠠ ᠡᠯᠴᠢ ᠫᠧᠩ ᠯᠢ ᠶᠤᠸᠠᠨ ︽ᠴᠣᠮᠣᠷᠯᠢᠭ  ᠲᠥᠯᠥᠪᠯᠡᠭᠡ ︱ ᠢᠷᠡᠭᠡᠳᠦᠢ ᠶᠢᠨ ᠬᠦᠰᠡᠯ ᠵᠡᠭᠦᠳᠦ︾  ᠭᠡᠬᠦ ᠠᠵᠢᠯᠯᠠᠭ᠎ᠠ ᠶᠢ ᠡᠬᠢᠯᠡᠭᠦᠯᠪᠡ᠃ ︽ᠴᠣᠮᠣᠷᠯᠢᠭ  ᠲᠥᠯᠥᠪᠯᠡᠭᠡ︾ ᠶᠢᠨ ᠳᠡᠰ ᠳᠡᠪᠰᠢᠭᠰᠡᠨ ᠬᠡᠯᠪᠡᠷᠢ ᠪᠣᠯᠤᠭᠰᠠᠨ ᠤ ᠬᠤᠪᠢ ᠳᠤ᠂ ︽ᠴᠣᠮᠣᠷᠯᠢᠭ  ᠲᠥᠯᠥᠪᠯᠡᠭᠡ ᡺— ᠢᠷᠡᠭᠡᠳᠦᠢ  ᠶᠢᠨ ᠬᠦᠰᠡᠯ ᠵᠡᠭᠦᠳᠦ︾ ᠠᠵᠢᠯᠯᠠᠭ᠎ᠠ ᠨᠢ ᠶᠣᠰᠣ ᠮᠣᠷᠠᠯ  ᠢ ᠪᠤᠶ ᠪᠣᠯᠭᠠᠵᠤ ᠬᠥᠮᠥᠨ  ᠢ ᠬᠥᠮᠥᠵᠢᠭᠦᠯᠬᠦ ᠦᠨᠳᠦᠰᠦᠨ ᠡᠭᠦᠷᠭᠡ  ᠶᠢ ᠪᠠᠷᠢᠮᠲᠠᠯᠠᠵᠤ ᠂ ᠦᠬᠢᠳ  ᠲᠤ ᠦᠢᠯᠡᠴᠢᠯᠡᠬᠦ ᠠᠩᠬᠠᠨ ᠤ ᠬᠦᠰᠡᠯ ᠢᠶᠠᠨ ᠪᠠᠲᠤ ᠰᠠᠬᠢᠵᠤ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ‌ᠦᠬᠢᠳ ᠤᠨ ᠰᠤᠷᠤᠯᠭ᠎ᠠ ᠶᠢ ᠲᠡᠳᠬᠦᠬᠦ ᠪᠠᠷ ᠭᠤᠣᠯᠳᠠᠯᠭ᠎ᠠ ᠪᠣᠯᠭᠠᠭᠰᠠᠨ ᠰᠤᠷᠤᠯᠴᠠᠬᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ᠂ ᠦᠬᠢᠳ ᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠭᠰᠠᠨ ᠠᠮᠤᠷ ᠲᠦᠪᠰᠢᠨ ᠡᠷᠡᠭᠦᠯ ᠮᠡᠨᠳᠦ ᠶᠢᠨ ᠠᠵᠢᠯᠯᠠᠭ᠎ᠠ᠂ ᠦᠬᠢᠳ ᠤᠨ ᠡᠷᠳᠡᠮ ᠰᠢᠨᠵᠢᠯᠡᠭᠡᠨ ᠤ ᠰᠤᠳᠤᠯᠭᠠᠨ ᠢᠶᠠᠷ ᠠᠴᠢᠶᠠᠯᠠᠪᠤᠷᠢ ᠪᠣᠯᠭᠠᠭᠰᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ᠂ ᠦᠬᠢᠳ ᠤᠨ ᠬᠤᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠪᠠᠷ ᠬᠡᠯᠪᠡᠷᠢ ᠪᠣᠯᠭᠠᠭᠰᠠᠨ ᠭᠠᠷ ᠬᠤᠯᠪᠣᠯᠴᠠᠨ ᠦᠰᠦᠨ ᠪᠣᠶᠢᠵᠢᠬᠤ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠪᠡᠯᠡ ᠮᠥᠩᠭᠦ ᠪᠠᠷ ᠲᠤᠰᠠᠯᠠᠬᠤ᠂ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠳᠠᠭᠠᠭᠤᠯᠬᠤ᠂ ᠣᠶᠤᠨ ᠰᠠᠨᠠᠭᠠᠨ ᠤ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠬᠤ᠂ ᠬᠠᠨᠢ ᠪᠣᠯᠵᠤ ᠦᠢᠯᠡᠴᠢᠯᠡᠬᠦ ᠵᠡᠷᠭᠡ ᠠᠵᠢᠯ ᠢᠶᠠᠷ ᠳᠠᠮᠵᠢᠭᠤᠯᠤᠨ ︽ᠴᠣᠮᠣᠷᠯᠢᠭ ᠲᠥᠯᠥᠪᠯᠡᠭᠡ︾ ᠶᠢᠨ ᠰᠢᠨ᠎ᠡ ᠠᠶᠠᠨ ᠢ ᠡᠬᠢᠯᠡᠭᠦᠯᠪᠡ᠃   2021 ᠣᠨ ᠤ 10 ᠰᠠᠷ᠎ᠠ ᠶᠢᠨ 11 ᠤ ᠡᠳᠦᠷ᠂ 10 ᠳ᠋ᠤᠭᠠᠷ ᠳᠡᠯᠡᠬᠡᠢ ᠶᠢᠨ ᠥᠬᠢᠳ ᠤᠨ ᠡᠳᠦᠷ ᠤᠨ ᠲᠠᠰᠢᠷᠠᠮ ᠳᠤ᠂ ︽ᠴᠣᠮᠣᠷᠯᠢᠭ ᠲᠥᠯᠥᠪᠯᠡᠭᠡ︾ ᠨᠢ ᠥᠬᠢᠳ ᠤᠨ ᠰᠤᠷᠭᠠᠨ ᠬᠥᠮᠦᠵᠢᠯ ᠢ ᠠᠬᠢᠭᠤᠯᠬᠤ ᠣᠨᠴᠠ ᠡᠯᠴᠢ ᠫᠧᠩ ᠯᠢ ᠶᠤᠸᠠᠨ ᠰᠠᠨᠠᠭᠠᠴᠢᠯᠠᠭ᠎ᠠ ᠭᠠᠷᠭᠠᠵᠤ᠂ ᠣᠯᠠᠨ ᠢᠶᠠᠷ ᠢᠶᠠᠨ ᠬᠥᠳᠡᠯᠦᠯᠴᠡᠨ᠂ ︽ᠴᠣᠮᠣᠷᠯᠢᠭ ᠲᠥᠯᠥᠪᠯᠡᠭᠡ ︱ ᠢᠷᠡᠭᠡᠳᠦᠢ ᠶᠢᠨ ᠬᠦᠰᠡᠯ ᠵᠡᠭᠦᠳᠦ︾ ᠶᠢᠨ ᠠᠵᠢᠯᠯᠠᠭ᠎ᠠ ᠶᠢ  ᠠᠬᠢᠭᠤᠯᠬᠤ ᠠᠵᠢᠯ ᠳᠤ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠵᠦ᠂ ᠨᠠᠩ ᠣᠯᠠᠨ ᠥᠬᠢᠳ ᠲᠤ ᠰᠠᠶᠢᠨ ᠰᠠᠶᠢᠬᠠᠨ ᠰᠤᠷᠭᠠᠨ ᠬᠥᠮᠦᠵᠢᠯ ᠬᠦᠷᠲᠡᠭᠡᠵᠦ᠂ ᠠᠮᠢᠳᠤᠷᠠᠬᠤᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠠᠶᠢᠨ ᠰᠠᠶᠢᠬᠠᠨ ᠢᠷᠡᠭᠡᠳᠦᠢ ᠲᠠᠢ ᠪᠣᠯᠭᠠᠬᠤ ᠶᠢ ᠤᠷᠢᠶᠠᠯᠠᠪᠠ᠃   ︽ᠴᠣᠮᠣᠷᠯᠢᠭ ᠲᠥᠯᠥᠪᠯᠡᠭᠡ︾ ᠶᠢᠨ ᠦᠢᠯᠡᠴᠢᠯᠡᠬᠦ ᠡᠲᠡᠭᠡᠳ ᠤᠨ ᠲᠣᠭᠲᠠᠭᠠᠭᠰᠠᠨ ︽ᠵᠢᠭᠠᠯ ᠥᠬᠢᠨ︾ ᠭᠡᠳᠡᠭ  ᠨᠢ ᠰᠤᠷᠬᠤ ᠨᠠᠰᠤᠨ  ᠠᠴᠠ ᠡᠮᠦᠨᠡᠬᠢ ᠵᠢᠭᠠᠯ ᠥᠬᠢᠨ ᠵᠢᠴᠢ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ᠂ ᠶᠡᠭᠡ ᠰᠤᠷᠭᠠᠭᠤᠯᠢ  ᠶᠢᠨ ᠱᠠᠲᠤᠨ ᠤ ᠡᠮᠡᠭᠲᠡᠢ ᠰᠤᠷᠤᠭᠴᠢ  ᠶᠢ ᠶᠡᠷᠦᠩᠬᠡᠶᠢᠯᠡᠨ ᠵᠢᠭᠠᠵᠤ ᠪᠠᠶᠢᠨ᠎ᠠ᠃  
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号