365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ  ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ 2023 ᠣᠨ ᠤ ᠬᠤᠶᠠᠳᠤᠭᠠᠷ  ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2023/2/13
        ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ  ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ 2023 ᠣᠨ ᠤ ᠬᠤᠶᠠᠳᠤᠭᠠᠷ  ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ                                     2  ᠰᠠᠷ᠎ᠠ ᠶᠢᠨ 1 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ  ᠬᠤᠷᠢᠶᠠᠨ ᠤ ᠣᠨᠣᠯ  ᠰᠣᠷᠣᠯᠴᠠᠯᠭ᠎ᠠ ᠶᠢᠨ  ᠭᠤᠤᠯᠯᠠᠬᠤ ᠳᠤᠭᠤᠶᠢᠯᠠᠩ 2023 ᠣᠨ ᠤ 2 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠣᠵᠦ  ᠂ ᠬᠤᠰᠢᠭᠤ ᠨᠠᠮ ᠤᠨ ᠬᠤᠷᠢᠶᠠᠨ ᠤ ᠱᠦᠵᠢ  ᠮᠦᠩᠭᠦᠨᠱᠠ ᠬᠤᠷᠠᠯ ᠡᠷᠭᠢᠯᠡᠵᠦ ᠶᠠᠷᠢᠶ᠎ᠠ ᠲᠠᠯᠪᠢᠪᠠ᠃   ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠂ ᠲᠥᠪ ᠤᠨ ᠬᠥᠳᠡᠭᠡ ᠲᠣᠰᠬᠤᠨ ᠤ ᠠᠵᠢᠯ   ᠤᠨ ᠬᠤᠷᠠᠯ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ  ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠣᠬᠡᠷ ᠤᠳᠠᠭᠠᠨ ᠤ ᠬᠤᠷᠠᠯᠳᠣᠭᠠᠨ  ᠵᠤᠷᠢᠭ ᠰᠠᠨᠠᠭ᠎ᠠ᠂ ᠰᠦᠨ ᠱᠤᠤ  ᠴᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠠᠳᠣᠪ ᠢᠶᠠᠷ ᠰᠣᠷᠣᠯᠴᠠᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠴᠢᠭᠯᠡᠯ ᠢ ᠣᠨᠣᠪᠴᠢᠲᠠᠢ  ᠡᠵᠡᠮᠰᠢᠶ᠎ᠠ︱ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ︾ ᠶᠢ ᠰᠣᠨᠢᠷᠬᠠᠵᠤ᠂ ᠬᠠᠮᠢᠶ᠎ᠠ ᠪᠦᠬᠦᠢ ᠥᠪᠡᠷᠲᠡᠭᠡᠨ ᠰᠤᠷᠤᠯᠴᠠᠬᠤ ᠠᠭᠤᠯᠭ᠎ᠠ ᠶᠢ ᠲᠣᠬᠢᠷᠠᠭᠤᠯᠪᠠ  ᠃     ᠮᠦᠩᠭᠦᠨᠱᠠ ᠱᠠᠭᠠᠷᠳᠠᠬᠤ ᠳᠠᠭᠠᠨ᠄ ᠨᠢᠭᠡ   ᠳᠤ᠂ ᠢᠲᠡᠭᠡᠯ ᠵᠣᠷᠢᠭ ᠢᠶᠠᠨ ᠬᠥᠪᠴᠢᠯᠡᠨ᠂ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠲᠤᠯᠭᠠᠮ᠎ᠠ ᠰᠡᠳᠬᠢᠯᠭᠡ ᠪᠠᠷ ᠪᠦᠬᠦ ᠵᠢᠯ ᠤᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ᠠᠵᠢᠯᠯᠠᠭ᠎ᠠ ᠶᠢᠨ ᠲᠠᠯ᠎ᠠ ᠪᠠᠷ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠵᠤ᠂ ᠠᠵᠤ ᠠᠬᠤᠢ ᠶᠢᠨ ᠪᠠᠶᠢᠷᠢᠰᠢᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠵᠦ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃    ᠬᠤᠶᠠᠷ ᠲᠤ᠂ ᠬᠠᠷᠠᠯᠲᠠ ᠪᠠᠨ ᠲᠣᠭᠲᠠᠭᠠᠵᠤ᠂ ᠡᠷᠡᠯᠬᠡᠭᠯᠡᠨ ᠤᠷᠤᠭᠰᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠭᠦᠨᠵᠡᠭᠡᠢ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠠᠮᠢᠶ᠎ᠠ ᠪᠦᠬᠦᠢ ᠪᠣᠳᠠᠲᠠᠢ ᠠᠵᠢᠯ ᠢ ᠰᠠᠶᠢᠲᠤᠷ ᠬᠢᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠲᠣᠭᠲᠠᠪᠤᠷᠢᠵᠢᠭᠤᠯᠬᠤ᠂  ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠶᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠭᠦ ᠬᠦᠴᠦᠨ ᠢ ᠴᠢᠩᠭᠠᠳᠬᠠᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃    ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠬᠡᠷᠡᠭᠲᠡᠢ᠃   ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠡᠶᠢᠭᠡᠮ  ᠵᠢᠷᠣᠮᠳᠦ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ  ᠃   ᠳᠥᠷᠪᠡ᠂  ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ  ᠦᠨᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃   ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠣᠯᠬᠢᠯᠠᠨ ᠰᠤᠳᠤᠯᠬᠤ ᠪᠠᠨ ᠴᠢᠩᠭᠠᠳᠬᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢ ᠨᠠᠷᠢᠯᠢᠭ ᠪᠣᠯᠭᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠬᠦ ᠨᠠᠩ ᠣᠯᠠᠨ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭ᠎ᠠ ᠶᠢ ᠳᠤᠷᠠᠳᠤᠨ ᠭᠠᠷᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠡᠢ  ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号