ᠮᠠᠯᠴᠢᠳ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ | | ︽ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠷᠦᠩᠬᠡᠢ ᠲᠥᠰᠥᠯ︾ | ᠳᠠᠬᠢ ᠬᠥᠯ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ᠂ ᠨᠡᠶᠢᠭᠡᠮ ᠤᠨ ᠬᠥᠯ ᠪᠥᠮᠪᠦᠭᠡ ᠶᠢ ᠬᠥᠭᠵᠢᠭᠦᠯᠬᠦ | ᠱᠠᠭᠠᠷᠳᠠᠯᠭ᠎ᠠ ᠪᠣᠯᠣᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ | ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠡᠶ᠎ᠡ ᠲᠠᠮᠢᠷ ᠤᠨ ᠬᠥᠳᠡᠯᠭᠡᠭᠡᠨ ᠤ | ᠠᠭᠤᠯᠭ᠎ᠠ ᠶᠢ ᠪᠠᠶᠠᠯᠢᠭᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠬᠥᠯ ᠪᠥᠮᠪᠦᠭᠡ ᠶᠢᠨ | ᠬᠥᠳᠡᠯᠭᠡᠭᠡᠨ ᠤ ᠣᠷᠭᠠᠨᠢᠭ ᠤᠶᠠᠯᠳᠤᠯ ᠢ ᠠᠬᠢᠭᠤᠯᠬᠤ ᠶᠢᠨ ᠲᠣᠰᠠᠳᠠ᠂ 2 ᠰᠠᠷ᠎ᠠ ᠶᠢᠨ 1 ᠤ ᠡᠳᠦᠷ᠂ ᠪᠠᠷᠠᠭᠤᠨ | ᠦᠵᠦᠮᠦᠴᠢᠨ ᠬᠤᠰᠢᠭᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠳᠤᠮᠳᠠᠳᠤ ᠤᠯᠤᠰ︾ ︱ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠬᠥᠯ | ᠪᠥᠮᠪᠦᠭᠡ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠬᠤ ᠪᠠᠷᠠᠭᠤᠨ ᠦᠵᠦᠮᠦᠴᠢᠨ ᠬᠤᠰᠢᠭᠤᠨ ᠤ ᠮᠠᠯᠴᠢᠳ ᠤᠨ | ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ᠃ | ᠲᠤᠰ ᠣᠳᠠᠭᠠᠨ ᠤ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠵᠤᠷᠭᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ | ᠵᠢᠯᠤᠭᠤᠳᠴᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ | ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ | ᠳᠠᠭᠠᠭᠠᠴᠢᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠲᠤᠪᠴᠢᠶ᠎ᠠ ᠡᠷᠬᠢᠯᠡᠨ ᠶᠠᠪᠤᠭᠳᠠᠭᠤᠯᠪᠠ᠃ | ᠣᠷᠣᠯᠳᠣᠭᠠᠨ ᠨᠢ ᠬᠤᠰᠢᠭᠤ ᠨᠢᠭᠡᠳᠦᠭᠡᠷ ᠪᠠᠭ᠎ᠠ ᠰᠣᠷᠭᠠᠭᠤᠯᠢ ᠶᠢᠨ ᠲᠠᠮᠢᠷ ᠤᠨ ᠣᠷᠳᠣᠨ ᠳᠤ ᠶᠠᠪᠤᠭᠳᠠᠵᠤ᠂ | ᠲᠠᠮᠢᠷᠴᠢᠳ ᠵᠠᠯᠠᠭᠤ ᠨᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠷᠭᠡᠨ ᠠᠭᠤᠳᠠᠮ ᠪᠥᠮᠪᠦᠭᠡᠨ ᠲᠠᠯᠠᠪᠠᠢ | ᠳᠤ ᠢᠳᠡ ᠬᠦᠴᠦ᠂ ᠣᠶᠤᠨ ᠲᠠᠮᠢᠷ ᠢᠶᠠᠨ ᠰᠣᠷᠢᠵᠤ᠂ ︽ᠨᠦᠬᠦᠷᠯᠡᠯ ᠨᠢᠭᠡᠳᠦᠭᠡᠷ ᠣᠷᠣᠯᠳᠣᠭᠠᠨ ᠬᠤᠶᠠᠳᠣᠭᠠᠷ︾ | ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠪᠦᠬᠦ ᠠᠷᠠᠳ ᠢᠶᠠᠷ ᠢᠶᠠᠨ ᠪᠡᠶ᠎ᠡ | ᠴᠢᠭᠢᠷᠠᠭᠵᠢᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ 11 ᠲᠥᠯᠥᠭᠡᠯᠡᠭᠴᠢᠳ ᠤᠨ | ᠠᠩᠭᠢ ᠶᠢᠨ 130 ᠭᠠᠷᠤᠢ ᠬᠥᠯ ᠪᠥᠮᠪᠥᠭᠡᠨ ᠪᠠᠭ᠋ᠠᠲᠠᠳ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠤ᠂ | ᠤᠷᠤᠯᠳᠤᠭᠠᠨ ᠨᠢ 6 ᠡᠳᠦᠷ ᠤᠨ ᠲᠤᠷᠰᠢ ᠨᠡᠶᠢᠲᠡ 23 ᠲᠠᠯᠠᠪᠠᠢ ᠶᠠᠪᠤᠭᠳᠠᠬᠤ ᠪᠤᠯᠤᠨ᠎ᠠ᠃ | | | | | | |