ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠷᠠᠳ | ᠲᠥᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠬᠠᠮᠠᠭᠠᠯᠠᠨ᠎ᠠ | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠤ ᠳᠠᠷᠠᠭ᠎ᠠ᠂ | ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠰᠢᠨ᠎ᠡ ᠪᠠᠶᠢᠳᠠᠯ ᠰᠢᠨ᠎ᠡ | ᠡᠭᠦᠷᠭᠡ ᠶᠢᠨ ᠲᠤᠭᠤᠷᠢᠨ ᠳᠤ᠂ ︽ᠡᠷᠡᠭᠦᠯ ᠮᠡᠨᠳᠦ ᠶᠢ ᠪᠠᠲᠤᠯᠠᠵᠤ ᠬᠦᠨᠳᠦ ᠡᠪᠡᠳᠴᠢᠨ ᠢ ᠰᠡᠷᠭᠡᠶᠢᠯᠡᠬᠦ︾ ᠠᠵᠢᠯ ᠤᠨ | ᠵᠠᠷᠴᠢᠮ ᠶᠣᠰᠣᠭᠠᠷ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠮ ᠡᠮᠨᠡᠯᠭᠡ ᠶᠢᠨ ᠪᠠᠲᠤᠯᠠᠭ᠎ᠠ | ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ | ᠡᠵᠡᠮᠰᠢᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠬᠦᠴᠦ ᠲᠠᠯᠪᠢᠭᠰᠠᠨ ᠪᠠᠶᠢᠨ᠎ᠠ᠃ | ︽ᠰᠢᠨ᠎ᠡ ᠠᠷᠪᠠᠨ ᠵᠤᠷᠪᠣᠰ︾ ᠢ ᠬᠡᠷᠡᠭᠵᠢᠭᠦᠯᠦᠭᠰᠡᠨ ᠠᠴᠠ ᠨᠠᠰᠢ᠂ ᠬᠠᠯᠳᠠᠪᠤᠷᠢᠯᠠᠭᠰᠠᠨ ᠡᠪᠡᠳᠴᠢᠲᠡᠨ ᠤ | ᠲᠤᠭ᠎ᠠ ᠤᠯᠠᠮ ᠠᠴᠠ ᠣᠯᠠᠰᠢᠷᠠᠬᠤ ᠶᠢ ᠳᠠᠭᠠᠯᠳᠣᠨ᠂ ᠡᠮᠨᠡᠯᠭᠡ ᠳᠤ ᠬᠡᠷᠡᠭᠯᠡᠬᠦ ᠡᠮ ᠤᠨ ᠬᠡᠷᠡᠭᠴᠡᠭᠡ ᠥᠳᠲᠡᠷ | ᠲᠦᠷᠭᠡᠨ ᠨᠡᠮᠡᠭᠳᠡᠵᠡᠢ᠃ ᠡᠨᠡᠬᠦ ᠪᠠᠶᠢᠳᠠᠯ ᠳᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ | ᠡᠮ ᠤᠨ ᠮᠠᠲ᠋ᠧᠷᠢᠶᠠᠯ ᠤᠨ ᠬᠡᠷᠡᠭᠴᠡᠭᠡ ᠶᠢ ᠪᠠᠲᠤᠯᠠᠬᠤ ᠶᠢᠨ ᠲᠣᠰᠠᠳᠠ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠨᠢ ᠬᠠᠩᠭᠠᠯᠭ᠎ᠠ ᠶᠢ ᠪᠠᠲᠤᠯᠠᠬᠤ ᠪᠠᠷ ᠣᠳᠣᠬᠠᠨ ᠤ ᠲᠡᠷᠢᠭᠦᠨ ᠴᠢᠬᠤᠯᠠ ᠠᠵᠢᠯ ᠤᠨ ᠡᠭᠦᠷᠭᠡ ᠪᠣᠯᠭᠠᠵᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠡᠮ ᠤᠨ | ᠵᠦᠢᠯ ᠤᠨ ᠮᠠᠲ᠋ᠧᠷᠢᠶᠠᠯ ᠬᠤᠳᠠᠯᠳᠤᠨ ᠠᠪᠬᠤ ᠪᠠ ᠦᠨ᠎ᠡ ᠬᠠᠩᠰᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ | ᠬᠠᠮᠲᠤᠷᠠᠨ ᠲᠠᠷᠢᠯᠭ᠎ᠠ ᠶᠢᠨ ᠰᠢᠩᠭᠡᠨ ᠵᠡᠷᠭᠡ 9 ᠲᠥᠷᠦᠯ ᠤᠨ ᠡᠮ ᠤᠨ ᠵᠦᠢᠯ ᠤᠨ ᠪᠠᠴᠢᠮ ᠪᠠᠶᠢᠳᠠᠯ ᠢ ᠠᠷᠭᠠᠴᠠᠬᠤ | ᠬᠤᠳᠠᠯᠳᠤᠨ ᠠᠪᠬᠤ ᠳᠠᠩᠰᠠᠯᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠡᠷᠡᠭᠴᠡᠭᠡ ᠶᠢ ᠨᠢᠭᠲᠠ ᠠᠩᠬᠠᠷᠴᠤ᠂ ᠠᠵᠤ | ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠡᠮᠴᠢᠯᠡᠭᠡᠨ ᠤ ᠪᠠᠶᠢᠭᠤᠯᠤᠮᠵᠢ ᠪᠣᠯᠣᠨ ᠡᠮ ᠬᠦᠷᠭᠡᠬᠦ | ᠠᠵᠤ ᠠᠬᠤᠶᠢᠯᠠᠯ ᠢ ᠵᠤᠬᠢᠴᠠᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠠᠯᠠᠭᠤᠨ ᠢ | ᠪᠠᠭᠤᠷᠠᠭᠤᠯᠬᠤ᠂ ᠬᠢᠵᠢᠭ ᠢ ᠨᠠᠮᠳᠠᠭᠠᠬᠤ ᠵᠡᠷᠭᠡ ᠭᠤᠷᠪᠠᠨ ᠵᠦᠢᠯ ᠤᠨ ᠪᠠᠴᠢᠮ ᠬᠡᠷᠡᠭᠴᠡᠭᠡ ᠲᠠᠢ ᠡᠮ ᠤᠨ ᠵᠦᠢᠯ ᠢ | ᠲᠣᠬᠢᠷᠠᠭᠤᠯᠤᠨ ᠬᠦᠷᠭᠡᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠢᠯ ᠤᠨ | ᠬᠠᠩᠭᠠᠯᠭ᠎ᠠ ᠶᠢ ᠭᠦᠢᠴᠡᠳ ᠪᠠᠲᠤᠯᠠᠭᠰᠠᠨ ᠪᠠᠶᠢᠨ᠎ᠠ᠃ | ᠪᠥᠬᠦ ᠠᠶᠢᠮᠠᠭ ᠤᠨ ᠬᠡᠪᠴᠢᠶᠡᠨ ᠳᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠡᠮᠨᠡᠨ ᠵᠠᠰᠠᠬᠤ | ᠡᠮᠴᠢᠯᠡᠭᠡᠨ ᠤ ᠳᠠᠭᠠᠳᠬᠠᠯ ᠤᠨ ᠲᠣᠬᠠᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ | ᠂ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠲᠡᠷᠡ ᠳᠠᠷᠣᠢ ᠢᠳᠡᠪᠬᠢᠲᠡᠢ ᠬᠦᠳᠡᠯᠦᠯᠴᠡᠵᠦ᠂ | ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠤ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠤᠨ | ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ | ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠤ ᠡᠭᠦᠳᠡᠨ ᠡᠮᠨᠡᠯᠭᠡ ᠶᠢᠨ ᠪᠠᠴᠢᠮ ᠡᠮᠴᠢᠯᠡᠭᠡᠨ ᠤ ᠵᠠᠷᠤᠳᠠᠯ | ᠤᠨ ᠲᠤᠰᠬᠠᠢ ᠪᠠᠲᠤᠯᠠᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠡᠮᠨᠡᠨ | ᠵᠠᠰᠠᠬᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠪᠠᠲᠤᠯᠠᠭ᠎ᠠ ᠬᠠᠩᠭᠠᠵᠠᠢ᠃ | ᠲᠠᠷᠠᠭᠠᠴᠢ ᠶᠢᠨ ᠠᠯᠬᠤᠮ ᠳᠤ᠂ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠡᠮ | ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠬᠤᠯᠪᠣᠭᠳᠠᠯ ᠪᠦᠬᠦᠢ ᠡᠮ ᠡᠮᠨᠡᠯᠭᠡ ᠶᠢᠨ ᠵᠠᠷᠤᠳᠠᠯ ᠢ ᠴᠠᠭ ᠲᠤᠬᠠᠢ ᠳᠤᠨᠢ ᠴᠠᠶᠢᠷᠠᠭᠤᠯᠵᠤ᠂ ᠠᠷᠠᠳ ᠤᠯᠠᠨ ᠤ | ᠡᠪᠡᠳᠴᠢᠨ ᠦᠵᠡᠭᠦᠯᠬᠦ ᠠᠵᠤ ᠠᠬᠤᠢ ᠶᠢᠨ ᠳᠠᠷᠣᠭᠠᠰᠣ ᠶᠢ ᠦᠷᠭᠦᠯᠵᠢᠯᠡᠨ ᠪᠠᠭᠠᠰᠬᠠᠬᠤ ᠪᠤᠯᠤᠨ᠎ᠠ᠃ |