365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠤᠬᠠᠭᠤᠯᠭ᠎ᠠ ᠪᠠ ᠰᠣᠶᠣᠯ ᠤᠨ ᠰᠢᠰᠲ᠋ᠧᠮ ᠬᠠᠮᠲᠤ ᠶᠢᠨ ᠰᠤᠷᠤᠯᠴᠠᠯᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2023/2/13
        ᠪᠠᠷᠠᠭᠤᠨ ᠦᠵᠦᠮᠦᠴᠢᠨ ᠬᠤᠰᠢᠭᠤᠨ ᠤ ᠤᠬᠠᠭᠤᠯᠭ᠎ᠠ ᠪᠠ ᠰᠣᠶᠣᠯ ᠤᠨ ᠰᠢᠰᠲ᠋ᠧᠮ ᠬᠠᠮᠲᠤ ᠶᠢᠨ ᠰᠤᠷᠤᠯᠴᠠᠯᠭ᠎ᠠ ᠥᠷᠨᠢᠭᠦᠯᠪᠡ                                                           2 ᠰᠠᠷ᠎ᠠ ᠶᠢᠨ 1 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠬᠠᠭᠤᠯᠭ᠎ᠠ‌‍ᠪᠠ ᠰᠣᠶᠣᠯ ᠤᠨ ᠰᠢᠰᠲ᠋ᠧᠮ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠣᠠᠢ ᠶᠢᠩ ᠬᠤᠷᠠᠯ ᠡᠷᠭᠢᠯᠡᠵᠦ ᠶᠠᠷᠢᠶ᠎ᠠ ᠲᠠᠯᠪᠢᠵᠠᠢ᠃ ᠪᠥᠬᠦ ᠬᠤᠰᠢᠭᠤᠨ ᠤ ᠤᠬᠠᠭᠤᠯᠭ᠎ᠠ ᠪᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠯᠤᠰ ᠬᠡᠲᠦ ᠶᠢᠨ ᠴᠢᠨᠠᠷᠲᠠᠢ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠳᠤ ᠵᠢᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ ᠤᠨ ᠬᠥᠭᠵᠢᠯᠲᠡ ᠶᠢᠨ ᠲᠥᠯᠦᠪᠵᠢᠭᠦᠯᠭᠡ︾ ᠨᠢ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠬᠤ  ᠭᠤᠣᠯ ᠰᠡᠳᠦᠪ ᠢ ᠴᠢᠩᠭ᠎ᠠ ᠠᠳᠬᠤᠵᠤ᠂ ᠰᠣᠶᠣᠯ ᠤᠨ ᠬᠥᠭᠵᠢᠯᠲᠡ ᠶᠢᠨ ᠳᠤᠮᠳᠠᠬᠢ ᠠᠯᠢ ᠣᠯᠠᠨ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃ ᠪᠦᠬᠦ ᠨᠠᠮ ᠪᠦᠬᠦ ᠨᠡᠶᠢᠭᠡᠮ ᠤᠨ ᠦᠵᠡᠯ ᠰᠠᠨᠠᠭᠠᠨ ᠤ ᠤᠬᠠᠮᠰᠠᠷ ᠪᠠ ᠤᠨᠤᠯ ᠤᠨ ᠢᠲᠡᠭᠡᠯ ᠢ ᠨᠡᠮᠡᠭᠳᠡᠭᠦᠯᠵᠦ᠂ ᠨᠡᠶᠢᠭᠡᠮ ᠤᠨ ᠪᠣᠯᠪᠠᠰᠤᠨ  ᠤ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠨᠡᠩ ᠴᠡᠴᠡᠭᠯᠡᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠰᠣᠶᠣᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ  ᠳᠤᠷᠠᠳᠤᠭᠰᠠᠨ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠲᠤᠬᠠᠢ ᠪᠣᠳᠣᠯᠬᠢᠯᠠᠯ ᠪᠠ  ᠬᠦᠰᠡᠯ ᠡᠷᠡᠮᠡᠯᠵᠡᠯ ᠢ ᠭᠦᠢᠴᠡᠳ ᠲᠤᠰᠬᠠᠭᠰᠠᠨ ᠪᠠᠶᠢᠨ᠎ᠠ᠃ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠣᠨᠣᠯ  ᠢᠶᠠᠷ ᠵᠡᠪᠰᠡᠭᠯᠡᠬᠦ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠶᠠᠷᠢᠶ᠎ᠠ ᠬᠡᠯᠡᠯᠴᠡᠭᠡᠨ ᠤ ᠹᠷᠦᠨᠲ ᠤᠨ ᠪᠠᠶᠢᠭᠤᠯᠤᠯᠲᠠ᠂ ᠰᠣᠶᠣᠯ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ᠂ ᠰᠣᠶᠣᠯ ᠢ ᠤᠯᠠᠮᠵᠢᠯᠠᠨ ᠪᠠᠳᠠᠷᠠᠭᠤᠯᠬᠤ᠂ ᠣᠯᠠᠨ ᠨᠡᠶᠢᠲᠡ  ᠶᠢᠨ ᠰᠣᠶᠣᠯ ᠤᠨ ᠦᠢᠯᠡᠴᠢᠯᠡᠭᠡ᠂ ᠰᠣᠶᠣᠯ ᠤᠨ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠪᠣᠯᠪᠠᠰᠤᠨ ᠤ ᠰᠣᠯᠢᠯᠴᠠᠭ᠎ᠠ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ᠂ ᠬᠤᠲᠠ ᠬᠥᠳᠡᠭᠡ ᠣᠷᠣᠨ ᠪᠦᠰᠡ ᠶᠢᠨ ᠰᠣᠶᠣᠯ ᠤᠨ ᠵᠣᠬᠢᠴᠠᠩᠭᠤᠢ ᠬᠥᠭᠵᠢᠯᠲᠡ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ  ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠣᠶᠣᠯ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠲᠣᠳᠣᠷᠬᠠᠶᠢᠯᠠᠪᠠ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠭᠦ ᠬᠤᠰᠢᠭᠤᠨ ᠤ ᠤᠬᠠᠭᠤᠯᠭ᠎ᠠ ᠪᠠ ᠰᠣᠶᠣᠯ ᠤᠨ ᠰᠢᠰᠲ᠋ᠧᠮ ᠨᠢ ᠲᠤᠰ ᠤᠳᠠᠭᠠᠨ ᠤ ᠰᠤᠷᠤᠯᠴᠠᠯᠭ᠎ᠠ ᠶᠢᠨ ᠵᠠᠪᠰᠢᠶᠠᠨ ᠢ ᠨᠠᠨᠳᠢᠩᠨᠠᠨ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠴᠢᠷᠮᠠᠶᠢᠵᠤ᠂ ᠭᠤᠷᠪᠠᠨ ᠡᠳᠦᠷ ᠤᠨ ᠬᠠᠮᠲᠤ ᠪᠠᠷ ᠰᠤᠷᠤᠯᠴᠠᠬᠤ ᠴᠠᠭ ᠢ ᠠᠰᠢᠭᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠣᠶᠣᠯ ᠤᠨ ᠬᠦᠭᠵᠢᠯᠲᠠ ᠶᠢᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠭᠤᠣᠯᠳᠠᠯᠭ᠎ᠠ  ᠲᠠᠢ ᠠᠷᠭ᠎ᠠ ᠬᠡᠮᠵᠢᠶ᠎ᠡ ᠶᠢ ᠰᠠᠶᠢᠲᠤᠷ ᠡᠵᠡᠮᠰᠢᠵᠦ᠂ ᠳᠣᠶᠢᠷᠤ ᠶᠢᠨ ᠪᠣᠳᠣᠯᠭ᠎ᠠ ᠶᠢᠨ ᠱᠠᠭᠠᠷᠳᠠᠯᠭ᠎ᠠ ᠲᠣᠳᠣᠷᠬᠠᠢ᠂ ᠪᠣᠳᠠᠲᠤ ᠪᠠᠶᠢᠳᠠᠯ ᠲᠣᠳᠣᠷᠬᠠᠢ᠂ ᠠᠷᠭ᠎ᠠ ᠪᠣᠳᠣᠯᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠰᠡᠳᠬᠢᠮᠵᠢ ᠶᠢᠨ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠤᠨ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠰᠠᠶᠢᠲᠤᠷ ᠠᠳᠬᠤᠵᠤ᠂ ︽ᠲᠥᠯᠦᠪᠵᠢᠭᠦᠯᠭᠡ︾ ᠳᠤ ᠳᠤᠷᠠᠳᠤᠭᠰᠠᠨ ᠬᠠᠷᠠᠯᠲᠠ ᠳᠠᠰᠢ ᠲᠠᠰᠤᠷᠠᠯᠲᠠ ᠦᠭᠡᠢ ᠤᠷᠤᠭᠰᠢᠯᠠᠵᠤ᠂ ᠪᠥᠬᠦ ᠬᠤᠰᠢᠭᠤᠨ ᠤ ᠤᠬᠠᠭᠤᠯᠭ᠎ᠠ ᠪᠠ ᠰᠣᠶᠣᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号