ᠳᠥᠷᠪᠡ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠬᠤ ᠶᠢ ᠠᠬᠢᠭᠤᠯᠪᠠ | | ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ | ᠬᠥᠭᠵᠢᠯᠲᠡ ᠶᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠯᠤᠭ᠎ᠠ ᠨᠢᠭᠲᠠ ᠤᠶᠠᠯᠳᠤᠭᠤᠯᠵᠤ᠂ ᠴᠢᠬᠤᠯᠠ ᠶᠡᠭᠡ ᠶᠠᠪᠤᠳᠠᠯ ᠢ ᠲᠣᠭᠲᠠᠭᠠᠬᠤ ᠡᠷᠬᠡ ᠪᠠ | ᠬᠢᠨᠠᠯᠲᠠ ᠲᠠᠯᠪᠢᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠭᠤᠣᠯ | ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠢ ᠢᠳᠡᠪᠬᠢᠲᠡᠢ | ᠰᠦᠪᠡᠭᠴᠢᠯᠡᠨ ᠠᠬᠢᠭᠤᠯᠤᠭᠰᠠᠭᠠᠷ ᠢᠷᠡᠵᠡᠢ᠂ ᠭᠤᠷᠣᠬᠠᠨ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ 2019 ᠣᠨ ᠳᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠳᠦᠷᠦᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠢ ᠤᠷᠢᠳᠠᠪᠠᠷ | ᠡᠬᠢᠯᠡᠨ ᠬᠡᠷᠡᠭᠵᠢᠭᠦᠯᠵᠦ᠂ 2020 ᠣᠨ ᠪᠣᠯᠬᠤ ᠳᠤ ᠬᠤᠰᠢᠭᠤ ᠱᠠᠲᠤ ᠵᠢᠴᠢ ᠪᠥᠬᠦ ᠬᠤᠰᠢᠭᠤᠨ ᠤ ᠡᠯ᠎ᠡ ᠰᠤᠮᠤ | ᠪᠠᠯᠭᠠᠰᠤᠨ ᠳᠤ ᠪᠥᠬᠦ ᠲᠠᠯ᠎ᠠ ᠪᠠᠷ ᠳᠡᠯᠭᠡᠷᠡᠭᠦᠯᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ | ᠲᠣᠭᠲᠠᠭᠠᠬᠤ ᠳᠦᠷᠢᠮ ᠤᠨ ᠠᠵᠢᠯ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠵᠣᠯ | ᠵᠢᠷᠭᠠᠯ ᠢ ᠨᠡᠮᠡᠭᠳᠡᠭᠦᠯᠦᠨ᠂ ᠠᠮᠢᠳᠤᠯᠢᠭ ᠦᠢᠯᠡᠳᠦᠯᠭᠡ ᠪᠠᠷ ᠢᠶᠠᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠴᠠᠭ ᠦᠶ᠎ᠡ ᠶᠢᠨ ᠠᠭᠤᠯᠤᠭᠳᠠᠬᠤᠨ ᠢ ᠪᠠᠶᠠᠯᠢᠭᠵᠢᠭᠤᠯᠪᠠ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ ᠠᠵᠢᠯ ᠢ ᠯᠠᠪᠳᠠᠭᠤᠨ | ᠠᠬᠢᠭᠤᠯᠪᠠ᠃ | ᠬᠤᠰᠢᠭᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠢ | ᠬᠡᠷᠡᠭᠵᠢᠭᠦᠯᠬᠦ ᠠᠵᠢᠯ ᠢ ᠴᠢᠬᠤᠯᠠ ᠵᠥᠪᠯᠡᠬᠦ ᠵᠦᠢᠯ ᠳᠤ ᠣᠷᠤᠭᠤᠯᠤᠨ᠂ ᠫᠢᠶᠤᠤ ᠥᠭᠴᠦ ᠲᠣᠭᠲᠠᠭᠠᠬᠤ ᠳᠦᠷᠢᠮ ᠤᠨ | ᠲᠤᠷᠰᠢᠯᠲᠠ ᠶᠢᠨ ᠠᠵᠢᠯ ᠢ ᠰᠠᠨᠠᠭᠠᠴᠢᠯᠠᠨ ᠳᠤᠷᠠᠳᠤᠭᠰᠠᠨ ᠠᠴᠠ ᠠᠪᠤᠭᠠᠳ ᠰᠠᠨᠠᠯ ᠲᠥᠰᠥᠯ ᠭᠠᠷᠭᠠᠬᠤ ᠬᠦᠷᠲᠡᠯ᠎ᠡ᠂ | ᠳᠠᠬᠢᠨ ᠪᠣᠳᠠᠲᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠪᠥᠬᠦ ᠬᠤᠰᠢᠭᠤᠨ ᠳᠤ ᠪᠥᠬᠦ ᠲᠠᠯ᠎ᠠ ᠪᠠᠷ ᠥᠷᠨᠢᠭᠦᠯᠬᠦ | ᠬᠦᠷᠲᠡᠯ᠎ᠡ ᠴᠥᠮ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠡᠷᠡᠭᠵᠢᠭᠦᠯᠪᠡ᠃ | ᠬᠤᠰᠢᠭᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠣᠯᠠᠨ ᠤᠳᠠᠭ᠎ᠠ ᠴᠣᠬᠤᠯᠠᠪᠤᠷᠢᠯᠠᠬᠤ ᠶᠢᠨ ᠬᠠᠮᠲᠤ | ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠬᠢᠷᠠᠭᠤᠯᠤᠨ ᠪᠠᠶᠢᠷᠢᠯᠠᠭᠤᠯᠵᠤ᠂ ︽ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ ᠲᠤᠷᠰᠢᠯᠲᠠ ᠶᠢᠨ ᠠᠵᠢᠯ ᠤᠨ | ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠫᠢᠶᠤᠤ ᠥᠭᠴᠦ ᠲᠣᠭᠲᠠᠭᠠᠬᠤ ᠳᠦᠷᠢᠮ ᠤᠨ ᠠᠵᠢᠯ ᠢ ᠥᠷᠨᠢᠭᠦᠯᠬᠦ | ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ | ᠬᠠᠩᠭᠠᠪᠠ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠭᠦᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠠᠵᠢᠯ ᠤᠨ ᠥᠷᠨᠢᠯᠲᠡ ᠶᠢ ᠪᠠᠲᠤᠯᠠᠪᠠ᠃ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠣᠯᠠᠨ ᠤᠳᠠᠭ᠎ᠠ | ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠤᠷᠰᠢᠯᠲᠠ ᠶᠢᠨ ᠠᠵᠢᠯ ᠢ | ᠵᠢᠯᠣᠭᠤᠳᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢᠳ ᠤᠨ ᠬᠤᠷᠠᠯ ᠤᠨ ᠭᠡᠰᠢᠭᠦᠳ ᠦᠨᠳᠦᠰᠦᠨ ᠱᠠᠲᠤᠨ ᠳᠤ ᠣᠯᠠᠨᠲᠠ ᠭᠦᠨᠵᠡᠭᠡᠶᠢᠷᠡᠨ ᠡᠨᠡᠬᠦ ᠠᠵᠢᠯ ᠢ | ᠪᠠᠶᠢᠴᠠᠭᠠᠨ᠂ ᠡᠯ᠎ᠡ ᠰᠤᠮᠤ ᠪᠠᠯᠭᠠᠰᠤ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ | ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ ᠠᠵᠢᠯ ᠢ ᠥᠷᠨᠢᠭᠦᠯᠬᠦ ᠳᠡᠭᠡᠨ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠤᠨ ᠰᠠᠨᠠᠭ᠎ᠠ ᠶᠢ ᠭᠦᠢᠴᠡᠳ ᠢᠯᠡᠷᠡᠭᠦᠯᠵᠦ᠂ ᠬᠠᠤᠯᠢ ᠶᠢ ᠴᠢᠩᠭ᠎ᠠ | ᠵᠢᠷᠤᠮᠯᠠᠨ ᠠᠵᠢᠯᠯᠠᠵᠤ᠂ ᠬᠡᠷᠡᠭᠵᠢᠭᠦᠯᠬᠦ ᠦᠷ᠎ᠡ ᠪᠦᠲᠦᠮᠵᠢ ᠶᠢ ᠳᠤᠪᠤᠶᠢᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠬᠤᠶᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠠᠷᠠᠳ | ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ | ᠲᠣᠭᠲᠠᠭᠠᠬᠤ ᠳᠦᠷᠢᠮ ᠤᠨ ᠠᠵᠢᠯ ᠢ ᠬᠠᠤᠯᠢ ᠶᠣᠰᠣᠭᠠᠷ ᠠᠬᠢᠭᠤᠯᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠣᠯᠯᠠᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠫᠢᠶᠣᠣ ᠥᠭᠴᠦ ᠲᠣᠭᠲᠠᠭᠠᠬᠤ ᠳᠦᠷᠢᠮ ᠤᠨ | ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ᠂ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠲᠠᠯ᠎ᠠ ᠳᠤ | ᠪᠦᠷᠬᠦᠭᠦᠯᠬᠦ ᠶᠢ ᠪᠡᠶᠡᠯᠡᠭᠦᠯᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠭᠤᠷᠪᠠᠨ ᠵᠢᠯ ᠳᠠᠷᠠᠭᠠᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ ᠠᠵᠢᠯ ᠢ ᠪᠠᠶᠢᠩᠭᠤ ᠶᠢᠨ ᠬᠤᠷᠢᠶᠠᠨ ᠤ | ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠣᠨ ᠤ ᠭᠤᠣᠯᠳᠠᠯᠭ᠎ᠠ ᠲᠠᠢ ᠲᠥᠯᠥᠪᠯᠡᠭᠡ ᠳᠡᠭᠡᠨ ᠣᠷᠤᠭᠤᠯᠤᠨ᠂ | ᠪᠠᠶᠢᠷᠢᠯᠠᠭᠤᠯᠤᠨ ᠲᠣᠬᠢᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠡᠷᠬᠢᠯᠡᠭᠴᠢᠳ ᠤᠨ ᠬᠤᠷᠠᠯ | ᠂ ᠪᠠᠶᠢᠩᠭᠤ ᠶᠢᠨ ᠬᠤᠷᠢᠶᠠᠨ ᠤ ᠬᠤᠷᠠᠯ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢ ᠫᠢᠶᠣᠣ ᠥᠭᠴᠦ ᠲᠣᠭᠲᠠᠭᠠᠬᠤ ᠳᠦᠷᠢᠮ ᠤᠨ ᠠᠵᠢᠯ ᠢ ᠣᠯᠠᠨ ᠤᠳᠠᠭ᠎ᠠ ᠰᠤᠳᠤᠯᠤᠨ | ᠬᠢᠨᠠᠨ ᠵᠥᠪᠯᠡᠵᠦ᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢ ᠫᠢᠶᠣᠣ ᠥᠭᠴᠦ ᠲᠣᠭᠲᠠᠭᠠᠬᠤ ᠠᠵᠢᠯ ᠢ ᠬᠡᠷᠡᠭᠵᠢᠭᠦᠯᠬᠦ ᠲᠤᠬᠠᠢ ᠲᠣᠭᠲᠠᠭᠠᠯ︾᠂ ︽ᠪᠠᠷᠠᠭᠤᠨ | ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢ ᠫᠢᠶᠣᠣ ᠥᠭᠴᠦ ᠲᠣᠭᠲᠠᠭᠠᠬᠤ ᠳᠦᠷᠢᠮ ᠢ ᠬᠡᠷᠡᠭᠵᠢᠭᠦᠯᠬᠦ ᠠᠷᠭ᠎ᠠ︾᠂ ︽ᠪᠠᠷᠠᠭᠤᠨ ᠦᠵᠦᠮᠦᠴᠢᠨ | ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠴᠤᠭᠯᠠᠭᠤᠯᠬᠤ ᠠᠷᠭ᠎ᠠ ︵ | ᠲᠦᠷ ᠬᠡᠷᠡᠭᠵᠢᠭᠦᠯᠬᠦ︶︾᠂ ︽ᠠᠷᠠᠳ ᠤᠨ ᠲᠥᠯᠥᠭᠡᠯᠡᠭᠴᠢ ᠶᠢᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠬᠠᠷᠢᠯᠴᠠᠬᠤ ᠪᠠ ᠲᠥᠷᠥᠯ ᠵᠦᠢᠯ ᠳᠤ ᠬᠢᠨᠠᠯᠲᠠ ᠲᠠᠯᠪᠢᠬᠤ ᠲᠤᠬᠠᠢ ᠬᠡᠷᠡᠭᠵᠢᠭᠦᠯᠬᠦ | ᠲᠥᠰᠥᠯ︾᠂ ︽ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ ᠲᠥᠷᠥᠯ ᠵᠦᠢᠯ ᠢ ᠦᠨᠡᠯᠡᠨ ᠵᠢᠱᠢᠬᠦ | ᠲᠤᠬᠠᠢ ᠠᠵᠢᠯ ᠤᠨ ᠲᠥᠰᠥᠯ︾ ᠵᠡᠷᠭᠡ ᠢᠵᠢ ᠪᠦᠷᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠲᠥᠷᠥᠯ ᠢ | ᠴᠤᠭᠯᠠᠭᠤᠯᠬᠤ ᠪᠠ ᠲᠣᠭᠲᠠᠭᠠᠬᠤ᠂ ᠫᠢᠶᠤᠤ ᠥᠭᠴᠦ ᠲᠣᠭᠲᠠᠭᠠᠬᠤ ᠳᠠᠷᠠᠭᠠᠯᠠᠯ ᠪᠠ ᠠᠷᠭ᠎ᠠ ᠵᠦᠢᠯ᠂ ᠬᠢᠨᠠᠯᠲᠠ | ᠲᠠᠯᠪᠢᠬᠤ ᠠᠷᠭ᠎ᠠ ᠬᠡᠯᠪᠡᠷᠢ᠂ ᠦᠨᠡᠯᠡᠨ ᠵᠢᠱᠢᠬᠦ ᠳᠠᠷᠠᠭᠠᠯᠠᠯ ᠪᠠ ᠱᠠᠭᠠᠷᠳᠠᠯᠭ᠎ᠠ ᠶᠢᠨ ᠲᠤᠬᠠᠢ ᠲᠣᠳᠣᠷᠬᠠᠢ ᠲᠣᠭᠲᠠᠭᠠᠯ | ᠭᠠᠷᠭᠠᠨ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ | ᠤᠨ ᠲᠥᠯᠥᠭᠡᠯᠡᠭᠴᠢ ᠫᠢᠶᠣᠣ ᠥᠭᠴᠦ ᠲᠣᠭᠲᠠᠭᠠᠬᠤ ᠳᠦᠷᠢᠮ ᠤᠨ ᠠᠵᠢᠯ ᠢ ᠬᠠᠤᠯᠢ ᠶᠣᠰᠣᠭᠠᠷ ᠶᠠᠪᠤᠭᠳᠠᠭᠤᠯᠬᠤ ᠶᠢ | ᠪᠠᠲᠤᠯᠠᠪᠠ᠃ | ᠭᠤᠷᠪᠠ᠂ ᠠᠷᠠᠳ ᠤᠨ ᠲᠥᠯᠥᠭᠡᠯᠡᠭᠴᠢ ᠶᠢᠨ ᠭᠤᠣᠯ ᠴᠣᠭᠴᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ | ᠠᠵᠢᠯ ᠤᠨ ᠪᠦᠬᠦ ᠶᠠᠪᠤᠴᠠ ᠳᠤ ᠣᠷᠣᠯᠴᠠᠪᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠳᠬᠠᠨ᠂ | ᠲᠥᠯᠥᠭᠡᠯᠡᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠥᠨᠳᠥᠳᠬᠡᠵᠦ᠂ ᠠᠷᠠᠳ ᠤᠨ ᠰᠠᠨᠠᠭ᠎ᠠ ᠶᠢ | ᠰᠣᠨᠣᠰᠤᠨ᠂ ᠠᠷᠠᠳ ᠤᠨ ᠤᠶᠤᠨ ᠤᠬᠠᠭᠠᠨ ᠢ ᠴᠢᠳᠠᠮᠠᠭᠠᠢ ᠪᠠᠷ ᠣᠶᠢᠯᠠᠭᠠᠵᠤ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ | ᠤᠨ ᠠᠵᠢᠯ ᠤᠨ ᠡᠯ᠎ᠡ ᠭᠤᠭᠴᠣᠭᠠᠨ ᠳᠤ ᠠᠷᠠᠳ ᠲᠦᠮᠡᠨ ᠤ ᠬᠦᠰᠡᠯ ᠰᠠᠨᠠᠭ᠎ᠠ ᠶᠢ ᠬᠠᠮᠤᠭ ᠤᠨ ᠳᠡᠭᠡᠳᠦ ᠬᠡᠮᠵᠢᠶ᠎ᠡ | ᠪᠠᠷ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠶᠠᠪᠤᠴᠠ ᠶᠢ ᠠᠷᠠᠳ ᠤᠨ ᠲᠥᠯᠥᠭᠡᠯᠡᠭᠴᠢ ᠶᠢᠨ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠪᠣᠯᠭᠠᠨ ᠬᠤᠪᠢᠷᠠᠭᠤᠯᠪᠠ᠃ ᠲᠥᠷᠥᠯ ᠵᠦᠢᠯ ᠡᠯᠰᠡᠬᠦ | ᠱᠠᠲᠤᠨ ᠳᠤ᠂ ᠠᠷᠠᠳ ᠤᠨ ᠲᠥᠯᠥᠭᠡᠯᠡᠭᠴᠢ ᠨᠡᠶᠢᠭᠡᠮ ᠨᠡᠶᠢᠲᠡ ᠠᠴᠠ ᠢᠯᠡ ᠪᠠᠷ ᠡᠯᠰᠡᠨ ᠴᠤᠭᠯᠠᠭᠤᠯᠬᠤ᠂ ︽ᠭᠡᠷ︾ | ︽ᠥᠷᠲᠡᠭᠡ︾ ᠠᠴᠠ ᠡᠯᠰᠡᠨ ᠴᠤᠭᠯᠠᠭᠤᠯᠬᠤ᠂ ᠰᠤᠷᠪᠤᠯᠵᠢᠯᠠᠨ ᠴᠤᠭᠯᠠᠭᠤᠯᠬᠤ ᠶᠢᠨ ᠬᠠᠮᠲᠤ ᠡᠩ ᠤᠨ ᠦᠶ᠎ᠡ ᠳᠤ | ᠣᠶᠢᠯᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠠᠩᠬ᠎ᠠ ᠰᠣᠩᠭᠤᠭᠰᠠᠨ ᠲᠥᠷᠥᠯ ᠵᠦᠢᠯ ᠢ ᠳᠤᠷᠠᠳᠤᠨ | ᠭᠠᠷᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢ ᠨᠠᠷᠢᠨ | ᠬᠢᠨᠠᠮᠠᠭᠠᠢ ᠬᠢᠨᠠᠨ ᠵᠥᠪᠯᠡᠬᠦ᠂ ᠫᠢᠶᠤᠤ ᠥᠭᠬᠦ ᠪᠠᠷ ᠳᠠᠮᠵᠢᠨ ᠵᠢᠩᠬᠢᠨᠢ ᠲᠦᠷᠦᠯ ᠵᠦᠢᠯ ᠢ ᠰᠣᠩᠭᠤᠨ ᠭᠠᠷᠭᠠᠪᠠ᠃ | 2019 ᠣᠨ ᠠᠴᠠ ᠨᠠᠰᠢ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢ ᠭᠦᠢᠴᠡᠳ ᠶᠠᠷᠢᠯᠴᠠᠬᠤ᠂ ᠬᠢᠨᠠᠮᠠᠭᠠᠢ ᠪᠣᠳᠣᠯᠬᠢᠯᠠᠬᠤ ᠪᠠᠷ | ᠳᠡᠮᠵᠢᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠤᠷ ᠠᠮᠤᠭᠤᠯᠠᠩ | ᠪᠠᠷᠠᠭᠤᠨ ᠦᠵᠦᠮᠦᠴᠢᠨ᠂ ᠣᠶᠤᠨᠲᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ᠂ ᠤᠤᠭᠤᠬᠤ ᠤᠰᠤᠨ ᠤ ᠠᠮᠤᠷ | ᠲᠦᠪᠰᠢᠨ᠂ ᠵᠠᠮ ᠬᠠᠷᠢᠯᠴᠠᠭ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠵᠡᠮᠳᠡᠭᠴᠦᠳ ᠤᠨ | ᠪᠠᠲᠤᠯᠠᠭ᠎ᠠ᠂ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ | ᠲᠠᠢ 43 ᠪᠣᠳᠠᠲᠤ ᠶᠠᠪᠤᠳᠠᠯ ᠤᠨ ᠲᠥᠷᠥᠯ ᠵᠦᠢᠯ ᠢ ᠫᠢᠶᠣᠣ ᠥᠭᠴᠦ ᠲᠣᠭᠲᠠᠭᠠᠪᠠ᠃ ᠲᠥᠷᠥᠯ ᠵᠦᠢᠯ ᠢ | ᠬᠡᠷᠡᠭᠵᠢᠭᠦᠯᠬᠦ ᠱᠠᠲᠤᠨ ᠳᠤ᠂ ᠲᠤᠰᠬᠠᠢ ᠬᠢᠨᠠᠨ ᠶᠠᠷᠢᠯᠴᠠᠬᠤ᠂ ᠲᠤᠰᠬᠠᠢ ᠰᠡᠳᠦᠪ ᠢᠶᠠᠷ ᠯᠠᠪᠯᠠᠨ ᠠᠰᠠᠭᠤᠬᠤ᠂ | ᠲᠥᠪᠯᠡᠷᠡᠭᠦᠯᠦᠨ ᠪᠠᠶᠢᠴᠠᠭᠠᠵᠤ ᠦᠵᠡᠬᠦ᠂ ᠡᠳᠦᠷ ᠲᠤᠳᠤᠮ ᠤᠨ ᠱᠠᠭᠠᠷᠳᠠᠨ ᠪᠠᠶᠢᠴᠠᠭᠠᠬᠤ᠂ ᠲᠤᠬᠠᠢ ᠶᠢᠨ ᠭᠠᠵᠠᠷ | ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ︽ᠨᠢᠭᠡ ᠨᠢᠭᠡ ᠪᠠᠷ ᠬᠠᠷᠠᠭᠠᠯᠵᠠᠭᠤᠯᠤᠨ︾ ᠪᠦᠬᠦ ᠶᠠᠪᠤᠴᠠ ᠳᠤ ᠬᠢᠨᠠᠯᠲᠠ ᠲᠠᠯᠪᠢᠬᠤ ᠠᠵᠢᠯ ᠢ | ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠳᠠᠬᠢ ᠠᠷᠠᠳ ᠤᠨ ᠲᠥᠯᠥᠭᠡᠯᠡᠭᠴᠢ ᠶᠢᠨ ᠠᠬᠢᠭᠤᠯᠬᠤ ᠦᠢᠯᠡᠳᠦᠯ ᠢ ᠪᠠᠳᠠᠷᠠᠭᠤᠯᠪᠠ᠃ ᠲᠥᠷᠥᠯ ᠵᠦᠢᠯ ᠢ | ᠬᠡᠷᠡᠭᠵᠢᠭᠦᠯᠦᠭᠰᠡᠨ ᠤ ᠲᠠᠷᠠᠭ᠎ᠠ᠂ ᠠᠷᠠᠳ ᠤᠨ ᠲᠥᠯᠥᠭᠡᠯᠡᠭᠴᠢ ᠲᠥᠷᠥᠯ ᠵᠦᠢᠯ ᠤᠨ ᠪᠣᠳᠠᠲᠤ ᠦᠷ᠎ᠡ ᠪᠦᠲᠦᠮᠵᠢ ᠪᠠ | ᠨᠡᠶᠢᠭᠡᠮ ᠤᠨ ᠦᠢᠯᠡᠳᠦᠯ ᠢ ᠦᠨᠳᠦᠰᠦᠯᠡᠨ᠂ ᠲᠥᠷᠥᠯ ᠵᠦᠢᠯ ᠳᠤ ᠦᠨᠡᠯᠡᠨ ᠵᠢᠱᠢᠯᠲᠡ ᠪᠠ ᠬᠠᠨᠤᠮᠵᠢ ᠶᠢᠨ | ᠬᠡᠮᠵᠢᠶ᠎ᠡ ᠶᠢᠨ ᠦᠨᠡᠯᠡᠯᠲᠡ ᠬᠢᠪᠡ᠃ | ᠳᠥᠷᠪᠡ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭ᠎ᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠠᠵᠢᠯ ᠢ | ᠪᠦᠬᠦ ᠲᠠᠯ᠎ᠠ ᠪᠠᠷ ᠬᠡᠷᠡᠭᠵᠢᠭᠦᠯᠪᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ | ᠥᠭᠴᠦ ᠲᠣᠭᠲᠠᠭᠠᠬᠤ ᠳᠦᠷᠢᠮ ᠤᠨ ᠠᠵᠢᠯ ᠢ ᠥᠷᠨᠢᠭᠦᠯᠬᠦ ᠶᠠᠪᠤᠴᠠ ᠳᠤᠮᠳᠠ᠂ ᠬᠤᠰᠢᠭᠤ ᠠᠷᠠᠳ ᠤᠨ ᠵᠠᠰᠠᠭ ᠤᠨ | ᠣᠷᠳᠣᠨ ᠨᠢ ᠬᠤᠰᠢᠭᠤ ᠨᠠᠮ ᠤᠨ ᠬᠤᠷᠢᠶ᠎ᠠ ᠪᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠡᠷᠡᠰ ᠲᠤᠤᠱᠯᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠪᠡ᠃ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠬᠤ ᠶᠢ ᠠᠬᠢᠭᠤᠯᠬᠤ ᠶᠢᠨ ᠲᠤᠰᠠᠳᠠ᠂ ᠬᠤᠰᠢᠭᠤ ᠠᠷᠠᠳ ᠤᠨ ᠵᠠᠰᠠᠭ | ᠤᠨ ᠣᠷᠳᠣᠨ ᠣᠯᠠᠨ ᠤᠳᠠᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ ᠤᠨ | ᠠᠵᠢᠯ ᠢ ᠰᠤᠳᠤᠯᠤᠨ ᠪᠠᠶᠢᠷᠢᠯᠠᠭᠤᠯᠵᠤ᠂ ᠶᠠᠷᠢᠯᠴᠠᠬᠤ᠂ ᠰᠤᠷᠪᠤᠯᠵᠢᠯᠠᠬᠤ᠂ ᠪᠠᠶᠢᠴᠠᠭᠠᠨ ᠰᠤᠳᠤᠯᠬᠤ᠂ ᠠᠯᠪᠠᠨ ᠵᠠᠷ | ᠨᠡᠶᠢᠲᠡᠯᠡᠬᠦ᠂ ᠰᠦᠯᠵᠢᠶ᠎ᠡ ᠪᠠᠷ ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ | ᠮᠡᠳᠡᠭᠦᠯᠬᠦ ᠪᠠᠷ ᠪᠠᠶᠢᠭᠰᠠᠨ ᠠᠩᠬᠠᠨ ᠤ ᠰᠣᠩᠭᠤᠯᠲᠠ ᠶᠢᠨ ᠲᠥᠷᠥᠯ ᠵᠦᠢᠯ ᠢ ᠡᠯᠰᠡᠬᠦ ᠶᠢᠨ ᠬᠠᠮᠲᠤ ᠠᠩᠬ᠎ᠠ ᠠᠯᠬᠤᠮ | ᠰᠣᠩᠭᠤᠨ ᠭᠠᠷᠭᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ | ᠰᠤᠳᠤᠯᠤᠭᠤᠯᠬᠤ ᠪᠠᠷ ᠳᠡᠮᠵᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ | ᠳᠡᠪᠰᠢᠭᠦᠯᠦᠨ ᠵᠢᠩᠬᠢᠨᠢ ᠵᠢᠱᠢᠭᠳᠡᠬᠦ ᠲᠥᠷᠥᠯ ᠵᠦᠢᠯ ᠢ ᠬᠢᠨᠠᠨ ᠲᠣᠭᠲᠠᠭᠠᠯᠭᠠᠵᠤ᠂ ᠳᠠᠬᠢᠨ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠫᠢᠶᠤᠤ ᠪᠠᠷ ᠲᠣᠭᠲᠠᠭᠠᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠡᠭᠦᠷᠭᠡ ᠶᠢᠨ ᠵᠠᠳᠠᠯᠤᠯᠲᠠ ᠬᠢᠵᠦ᠂ ᠬᠠᠷᠢᠭᠤᠴᠠᠯᠭ᠎ᠠ ᠶᠢ | ᠲᠣᠳᠣᠷᠬᠠᠶᠢᠯᠠᠨ ᠠᠵᠢᠯ ᠢ ᠬᠤᠪᠢᠶᠠᠷᠢᠯᠠᠵᠤ᠂ ᠠᠵᠢᠯ ᠤᠨ ᠬᠤᠭᠤᠴᠠᠭ᠎ᠠ ᠶᠢ ᠵᠢᠭᠰᠠᠭᠠᠨ᠂ ᠲᠥᠷᠥᠯ ᠵᠦᠢᠯ | ᠨᠢᠭᠡᠪᠦᠷᠢ ᠶᠢ ᠨᠢᠭᠡ ᠬᠤᠰᠢᠭᠤ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠶᠢᠨ ᠬᠠᠮᠲᠤ ᠠᠷᠠᠳ ᠤᠨ ᠲᠥᠯᠥᠭᠡᠯᠡᠭᠴᠢ ᠶᠢ ᠤᠷᠢᠨ ᠲᠥᠷᠥᠯ ᠵᠦᠢᠯ ᠤᠨ | ᠪᠦᠬᠦᠶᠢᠯᠡ ᠶᠠᠪᠤᠴᠠ ᠶᠢᠨ ᠬᠢᠨᠠᠯᠲᠠ ᠳᠤ ᠣᠷᠣᠯᠴᠠᠭᠤᠯᠪᠠ᠃ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠤᠭᠰᠠᠨ | ᠤ ᠳᠠᠷᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠵᠣᠷᠢᠯᠲᠠ ᠶᠢ ᠴᠢᠩᠭᠠᠳᠬᠠᠨ᠂ | ᠠᠵᠢᠯᠯᠠᠭᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠦᠢᠯᠡᠳᠦᠯ ᠢ | ᠪᠠᠳᠠᠷᠠᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠲᠤᠯᠠᠪᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ | ᠥᠭᠴᠦ ᠲᠣᠭᠲᠠᠭᠠᠬᠤ ᠳᠦᠷᠢᠮ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤ ᠪᠠ ᠰᠤᠮᠤ ᠪᠠᠯᠭᠠᠰᠤ | ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠨᠡᠶᠢᠲᠡ 40425.18 ᠲᠦᠮᠡᠨ ᠲᠥᠭᠦᠷᠢᠭ ᠤᠨ ᠪᠡᠯᠡ | ᠮᠥᠩᠭᠦ ᠣᠷᠤᠭᠤᠯᠤᠨ᠂ 43 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠵᠦ᠂ ᠮᠠᠨ ᠤ ᠬᠤᠰᠢᠭᠤᠨ ᠤ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ | ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠰᠠᠶᠢᠵᠢᠷᠠᠯᠲᠠ ᠪᠠ | ᠬᠥᠭᠵᠢᠯᠲᠡ ᠶᠢ ᠬᠦᠴᠦᠲᠡᠢ ᠠᠬᠢᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠰᠢᠨ᠎ᠡ ᠵᠠᠭᠪᠤᠷ ᠢ | ᠪᠠᠶᠢᠭᠤᠯᠵᠤ᠂ ︽ᠠᠷᠠᠳ ᠤᠨ ᠲᠥᠯᠥᠭᠡ ᠡᠵᠡᠨ ᠰᠠᠭᠤᠬᠤ︾ ᠶᠢ ︽ᠠᠷᠠᠳ ᠲᠦᠮᠡᠨ ᠡᠵᠡᠨ ᠰᠠᠭᠤᠬᠤ︾ ᠪᠣᠯᠭᠠᠨ | ᠬᠤᠪᠢᠷᠠᠭᠤᠯᠪᠠ᠃ | ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯᠪᠠᠰᠤ ᠪᠢᠳᠡ ᠬᠠᠷᠢᠭᠤ ᠲᠤᠰᠬᠠᠯ ᠲᠠᠢ᠂ ᠠᠷᠠᠳ ᠤᠯᠠᠨ ᠤ | ᠬᠦᠰᠡᠯ ᠡᠷᠡᠮᠡᠯᠵᠡᠯ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠰᠡᠯ ᠡᠷᠡᠮᠡᠯᠵᠡᠯ ᠮᠥᠨ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠪᠥᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠶᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠡᠯ᠎ᠡ ᠭᠤᠭᠴᠤᠭ᠎ᠠ ᠳᠤ ᠲᠤᠤᠱᠯᠠᠭᠤᠯᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠫᠢᠶᠤᠤ ᠥᠭᠴᠦ ᠲᠣᠭᠲᠠᠭᠠᠬᠤ ᠳᠦᠷᠢᠮ | ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠣᠯᠠᠨ | ᠲᠦᠮᠡᠨ ᠤ ᠰᠡᠳᠬᠢᠯ ᠳᠤ ᠬᠦᠷᠲᠡᠯ᠎ᠡ ᠭᠦᠢᠴᠡᠳᠬᠡᠨ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ | ᠳᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠪᠤᠢ᠃ | | |