ᠲᠥᠯᠥᠭᠡᠯᠡᠭᠴᠢ ᠭᠡᠰᠢᠭᠦᠳ ᠤᠨ ᠵᠢᠪᠬᠤᠭ᠎ᠠ— ᠯᠦ ᠳ᠋ᠦᠩ ᠯᠢᠶᠠᠩ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ | | | ᠪᠠᠷᠠᠭᠤᠨ ᠦᠵᠦᠮᠦᠴᠢᠨ ᠬᠤᠰᠢᠭᠤᠨ ᠤ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠠᠮ | ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢᠳ ᠬᠤᠷᠠᠯ ᠳᠤ ᠳᠡᠪᠰᠢᠭᠦᠯᠬᠦ ᠰᠠᠨᠠᠯ | ᠵᠥᠪᠯᠡᠯᠭᠡ ᠪᠠ ᠰᠠᠨᠠᠭᠤᠯᠭ᠎ᠠ ᠪᠠᠨ ᠨᠠᠷᠢᠨ ᠬᠢᠨᠠᠮᠠᠭᠠᠢ ᠲᠡᠮᠳᠡᠭᠯᠡᠨ᠂ ᠶᠡᠭᠡ ᠬᠤᠷᠠᠯ ᠳᠤ ᠣᠷᠣᠯᠴᠠᠬᠤ ᠪᠡᠯᠡᠳᠬᠡᠯ ᠠᠵᠢᠯ | ᠢᠶᠠᠨ ᠰᠠᠶᠢᠲᠤᠷ ᠬᠢᠨ᠎ᠡ᠃ | ᠯᠦ ᠳ᠋ᠦᠩ ᠯᠢᠶᠠᠩ ᠪᠣᠯ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠮᠥᠨ ᠴᠦ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ᠎ᠠ᠃ ᠲᠡᠷᠡ | ᠵᠣᠷᠢᠭᠲᠠᠢ ᠪᠠᠷ ᠰᠢᠨ᠎ᠡ ᠶᠢ ᠡᠭᠦᠳᠴᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠯᠠᠮᠵᠢᠯᠠᠨ᠂ ᠴᠢᠩ ᠰᠡᠳᠬᠢᠯ | ᠠᠴᠠ ᠪᠠᠨ ᠬᠤᠪᠢ ᠨᠡᠮᠡᠷᠢ ᠪᠠᠨ ᠡᠷᠭᠦᠭᠰᠡᠭᠡᠷ ᠢᠷᠡᠵᠡᠢ᠃ ᠤᠯᠠᠨ ᠵᠢᠯ ᠤᠨ ᠲᠤᠷᠰᠢ ᠲᠡᠷᠡ ᠦᠵᠡᠮᠵᠢ ᠶᠢᠨ ᠣᠷᠣᠨ ᠤ | ᠪᠦᠲᠦᠭᠡᠨ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠠᠮᠢ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ | ᠤᠶᠠᠯᠳᠤᠭᠤᠯᠵᠤ᠂ ᠤᠯᠠᠨ ᠲᠠᠯ᠎ᠠ ᠶᠢᠨ ᠴᠢᠷᠮᠠᠶᠢᠯᠭ᠎ᠠ ᠪᠠᠷ᠂ ᠬᠠᠪᠴᠠᠭᠠᠢ ᠵᠢᠭᠤᠯᠴᠢᠯᠠᠯ ᠤᠨ ᠦᠵᠡᠮᠵᠢ ᠶᠢᠨ ᠣᠷᠣᠨ | ᠢ ᠤᠯᠤᠰ ᠤᠨ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ᠂ ᠥᠪᠡᠷᠲᠡᠭᠡᠨ ᠵᠠᠰᠠᠬᠤ ᠣᠷᠣᠨ | ᠤ ᠵᠠᠭᠤᠨ ᠬᠦᠴᠦᠷᠬᠡᠭ ᠨᠡᠷᠡᠲᠦ ᠲᠡᠮᠳᠡᠭ ᠲᠤ ᠣᠷᠤᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠤᠷᠠᠯᠢᠭ | ᠤᠨ ᠨᠠᠭᠠᠳᠤᠮ᠂ ᠰᠣᠶᠣᠯ ᠲᠠᠮᠢᠷ ᠤᠨ ᠦᠵᠡᠰᠬᠦᠯᠡᠩ ᠤᠨ ᠴᠤᠭᠯᠠᠭᠠᠨ ᠵᠡᠷᠭᠡ ᠭᠠᠵᠠᠷ ᠣᠷᠣᠨ ᠤ ᠵᠢᠭᠤᠯᠴᠢᠯᠠᠯ ᠤᠨ | ᠰᠣᠶᠣᠯ ᠤᠨ ᠨᠡᠷᠡᠲᠦ ᠲᠡᠮᠳᠡᠭ ᠤᠨ ᠠᠵᠢᠯᠯᠠᠭ᠎ᠠ ᠶᠢ ᠣᠯᠠᠨ ᠤᠳᠠᠭ᠎ᠠ ᠭᠤᠣᠯᠯᠠᠨ ᠡᠷᠬᠢᠯᠡᠪᠡ᠃ | ᠲᠡᠭᠦᠨ ᠤ ᠦᠵᠡᠬᠦ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠭᠰᠡᠨ ᠠᠴᠠ ᠨᠠᠰᠢ᠂ ᠣᠯᠠᠨ ᠲᠦᠮᠡᠨ ᠤ ᠭᠠᠳᠠᠭᠰᠢ ᠭᠠᠷᠴᠤ ᠲᠣᠭᠤᠷᠢᠨ ᠵᠤᠭᠠᠴᠠᠬᠤ ᠬᠡᠷᠡᠭᠴᠡᠭᠡ | ᠤᠯᠠᠮ ᠨᠢᠭᠡ ᠠᠯᠬᠤᠮ ᠨᠡᠮᠡᠭᠳᠡᠨ᠂ ᠵᠢᠭᠤᠯᠴᠢᠯᠠᠯ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠠᠷᠭ᠎ᠠ | ᠮᠠᠶ᠋ᠢᠭ ᠪᠣᠯᠵᠤ᠂ ᠵᠢᠭᠤᠯᠴᠢᠯᠠᠯ ᠤᠨ ᠠᠵᠢᠯ ᠲᠥᠷᠥᠯ ᠰᠡᠷᠭᠦᠯᠲᠡ ᠲᠠᠢ ᠪᠣᠯᠵᠤ ᠪᠠᠶᠢᠨ᠎ᠠ᠃ ︽ᠦᠵᠡᠮᠵᠢ ᠶᠢᠨ | ᠣᠷᠣᠨ ᠨᠢ ᠬᠦᠮᠦᠰ ᠤᠨ ᠠᠩᠬᠠᠷᠤᠯ ᠢ ᠲᠠᠲᠠᠵᠤ᠂ ᠬᠦᠮᠦᠰ ᠤᠨ ᠲᠠᠭᠠᠰᠢᠶᠠᠯ ᠢ ᠣᠯᠣᠶ᠎ᠠ ᠭᠡᠪᠡᠯ ᠦᠵᠡᠮᠵᠢ ᠶᠢᠨ | ᠣᠷᠣᠨ ᠤ ᠢᠵᠢ ᠪᠦᠷᠢᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︾ ᠭᠡᠵᠦ ᠪᠠᠶᠢᠯ᠎ᠠ | ᠃ | ᠲᠡᠷᠡ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠢ ᠰᠤᠳᠤᠯᠤᠨ᠂ ᠦᠵᠡᠮᠵᠢ | ᠶᠢᠨ ᠣᠷᠣᠨ ᠤ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ ᠪᠣᠯᠣᠨ ᠣᠨᠴᠠᠯᠢᠭᠲᠤ | ᠵᠠᠩ ᠦᠢᠯᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠠᠯ᠎ᠠ ᠪᠠᠷ ᠬᠤᠯᠪᠤᠭᠠᠯᠠᠨ᠂ ᠰᠢᠨ᠎ᠡ ᠰᠡᠳᠬᠢᠴᠡ ᠪᠠᠷ | ᠵᠢᠭᠤᠯᠴᠢᠯᠠᠯ ᠤᠨ ᠦᠢᠯᠡᠰ ᠤᠨ ᠰᠢᠨ᠎ᠡ ᠶᠢ ᠡᠭᠦᠳᠴᠦ᠂ ᠪᠠᠶᠢᠭᠠᠯᠢ ᠶᠢᠨ ᠠᠮᠢ ᠠᠬᠤᠢ ᠶᠢᠨ ᠦᠷᠭᠦᠯᠵᠢᠯᠡᠬᠦᠶᠢᠴᠡ | ᠬᠥᠭᠵᠢᠯᠲᠡ ᠪᠣᠯᠣᠨ ᠵᠢᠭᠤᠯᠴᠢᠯᠠᠯ ᠤᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠤᠨ ᠴᠢᠨᠠᠷ ᠰᠠᠶᠢᠲᠠᠢ | ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠠᠢ᠃ | ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ ᠯᠦ ᠳ᠋ᠦᠩ ᠯᠢᠶᠠᠩ᠄ ︽ᠪᠢ ᠪᠣᠯ ᠪᠠᠷᠠᠭᠤᠨ ᠦᠵᠦᠮᠦᠴᠢᠨ ᠬᠤᠰᠢᠭᠤᠨ ᠤ 16 ᠳ᠋ᠤᠭᠠᠷ | ᠬᠤᠭᠤᠴᠠᠭᠠᠨᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮᠠᠶᠢ ᠯᠦ ᠳ᠋ᠦᠩ | ᠯᠢᠶᠠᠩ ᠭᠡᠳᠡᠭ᠂ ᠬᠢᠵᠢᠭ ᠤᠨ ᠪᠠᠶᠢᠳᠠᠯ ᠨᠠᠮᠳᠠᠵᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠰᠡᠷᠭᠦᠭᠡᠬᠦ | ᠰᠠᠶᠢᠬᠠᠨᠤᠯᠠᠷᠢᠯ ᠪᠣᠯᠵᠤ ᠪᠠᠶᠢᠨ᠎ᠠ᠃ ᠮᠢᠨᠤ ᠡᠨᠡ ᠵᠢᠯ ᠤᠨ ᠬᠤᠶᠠᠷ ᠬᠤᠷᠠᠯ ᠳᠤ ᠳᠡᠪᠰᠢᠭᠦᠯᠬᠦ ᠰᠠᠨᠠᠯ ᠳᠤᠷᠠᠳᠤᠯᠭ᠎ᠠ | ᠪᠣᠯ ᠪᠠᠷᠠᠭᠤᠨ ᠦᠵᠦᠮᠦᠴᠢᠨ ᠤᠵᠢᠭᠤᠯᠴᠢᠯᠠᠯ ᠢᠶᠠᠨ ᠰᠢᠨ᠎ᠡ ᠨᠢᠭᠡ ᠱᠠᠲᠤᠨ ᠳᠤ ᠲᠡᠪᠰᠢᠭᠦᠯᠬᠦ ᠪᠣᠯᠣᠨ᠎ᠠ᠃ | ᠳᠤᠲᠠᠭᠳᠠᠯ ᠢᠶᠠᠨ ᠨᠥᠬᠦᠪᠦᠷᠢᠯᠡᠵᠦ᠂ ᠲᠥᠬᠦᠭᠡᠷᠦᠮᠵᠢ ᠪᠡᠨᠪᠦ᠋ᠬᠦ ᠲᠠᠯ᠎ᠠ ᠪᠠᠷ ᠲᠡᠰ ᠳᠡᠪᠰᠢᠭᠦᠯᠦᠨ᠂ ᠥᠪᠡᠷᠮᠢᠴᠡ | ᠣᠨᠴᠠᠯᠢᠭ ᠢ ᠲᠣᠳᠣᠷᠠᠭᠤᠯᠤᠨ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠲᠦᠪᠰᠢᠨ ᠢᠶᠠᠨ ᠳᠡᠭᠡᠭᠰᠢᠯᠡᠭᠦᠯᠵᠦ᠂ | ᠵᠢᠭᠤᠯᠴᠢᠯᠠᠭᠴᠢᠳ ᠲᠤ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ︾ | ᠭᠡᠯᠡ᠃ |